︽ᠢᠯᠡ᠂ ᠡᠷᠬᠡ ᠲᠡᠭᠰᠢ᠂ ᠲᠥᠪ ᠭᠤᠣᠯᠴᠢ︾ ᠶᠢᠨ ᠵᠠᠷᠴᠢᠮ ᠶᠣᠰᠣᠭᠠᠷ᠂ ᠬᠥᠬᠡᠬᠤᠲᠠ ᠶᠢᠨ ᠤᠰᠤᠨ | ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ 2025 ᠣᠨ ᠤ ᠳᠠᠭᠠᠭᠠᠴᠢᠯᠠᠯᠲᠠ | ᠵᠠᠷᠯᠠᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠰᠣᠩᠭᠤᠵᠤ᠂ ᠨᠥᠬᠦᠴᠡᠯ ᠳᠤ ᠨᠡᠶᠢᠴᠡᠭᠰᠡᠨ | ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ | ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠶᠢᠨ ᠢᠯᠡ ᠪᠠᠷ ᠠᠳᠠᠯᠢᠳᠬᠠᠨ ᠰᠣᠩᠭᠤᠬᠤ | 2. ᠲᠥᠷᠥᠯ ᠵᠦᠢᠯ ᠤᠨ ᠠᠭᠤᠯᠭ᠎ᠠ᠄ 2025 ᠣᠨ ᠤ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ | ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠠᠵᠠᠷ ᠳᠣᠣᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ᠂ ᠤᠰᠤᠨ | ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ᠂ ᠤᠰᠤᠨ ᠤ ᠴᠢᠨᠠᠷ ᠢ ᠪᠠᠶᠢᠴᠠᠭᠠᠨ ᠰᠢᠯᠭᠠᠬᠤ᠂ ᠭᠡᠷ | ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠤᠰᠬᠠᠢ ᠪᠡᠯᠡ ᠮᠥᠩᠭᠦ ᠶᠢᠨ ᠳᠠᠭᠠᠭᠠᠴᠢᠯᠠᠯᠲᠠ ᠵᠠᠷᠯᠠᠵᠤ | ᠬᠤᠳᠠᠯᠳᠤᠨ ᠠᠪᠬᠤ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ | 3. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ᠄ 2025 ᠣᠨ᠂ ᠬᠥᠬᠡᠬᠤᠲᠠ | ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠪᠴᠢᠶᠡᠨ ᠳᠣᠲᠣᠷ᠎ᠠ ᠳᠠᠩᠰᠠᠯᠠᠭᠤᠯᠬᠤ | ᠬᠡᠷᠡᠭᠲᠡᠶ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠶᠢᠨ ᠬᠠᠮᠲᠤ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ | ᠬᠤᠶᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ | ︵2︶ ᠰᠠᠶᠢᠨ ᠠᠷᠠᠯᠵᠢᠶᠠᠨ ᠤ ᠢᠲᠡᠬᠡᠮᠵᠢ ᠨᠢ ᠲᠡᠭᠦᠯᠳᠡᠷᠵᠢᠭᠰᠡᠨ ᠡᠳ᠋ ᠤᠨ ᠶᠠᠪᠤᠳᠠᠯ ᠤᠨ ᠨᠢᠭᠲᠠᠯᠠᠨ | ᠪᠣᠳᠤᠯᠲᠠ ᠶᠢᠨ ᠳᠦᠷᠢᠮ ᠲᠠᠢ | ︵3︶ ᠭᠡᠷ᠎ᠡ ᠶᠢ ᠭᠦᠢᠴᠡᠳᠭᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ | ᠴᠢᠳᠠᠪᠤᠷᠢ ᠲᠠᠢ | ︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠬᠤ | ᠰᠠᠶᠢᠨ ᠰᠠᠶᠢᠬᠠᠨ ᠲᠡᠮᠳᠡᠭᠯᠡᠯ ᠲᠠᠢ | ︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ | ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠪᠠᠶᠢᠬᠤ | ᠦᠭᠡᠢ | ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠣᠳ | ᠨᠦᠭᠦᠴᠡᠯ | 2. ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤᠮᠳᠠ ᠢᠲᠡᠭᠡᠮᠵᠢ ᠶᠢᠨ ᠲᠡᠮᠳᠡᠭᠯᠡᠯ ᠢ | ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ | ᠮᠡᠳᠡᠭᠳᠡᠯ︾ ︵ᠡᠳ᠋ ᠬᠥᠮᠥᠷᠭᠡ ︵2016︶ 125 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠲᠣᠭᠲᠠᠭᠠᠯ ᠢ ᠦᠨᠳᠦᠰᠦᠯᠡᠪᠡᠯ᠂ ᠬᠠᠩᠭᠠᠯᠭ᠎ᠠ ᠶᠢᠨ ᠬᠤᠳᠠᠯᠳᠤᠭᠠᠴᠢᠨ ᠢ ︽ᠢᠲᠡᠭᠡᠮᠵᠢᠲᠦ ᠳᠤᠮᠳᠠᠳᠤ ᠤᠯᠤᠰ︾ | ᠰᠦᠯᠵᠢᠶ᠎ᠡ ︵www.creditchina.gov.cn ︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠰᠦᠯᠵᠢᠶ᠎ᠡ ︵www.ccgp.gov.cn ︶ ᠵᠡᠷᠭᠡ ᠠᠷᠭ᠎ᠠ ᠵᠠᠮ ᠢᠶᠠᠷ ᠢᠲᠡᠭᠡᠯ ᠢᠶᠠᠨ | ᠠᠯᠳᠠᠭᠰᠠᠨ ᠭᠦᠢᠴᠡᠳᠬᠡᠭᠳᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ | ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ | ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠪᠠ᠃ ᠳᠤᠮᠳᠠᠳᠤ | ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠣᠶᠢᠷ᠎ᠠ ᠶᠢᠨ ᠭᠤᠷᠪᠠᠨ ᠵᠢᠯ ᠳᠤ | ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠲᠠᠢ ᠪᠠᠶᠢᠪᠠᠯ᠂ ᠲᠣᠰ ᠤᠳᠠᠭᠠᠨ ᠤ ᠬᠤᠳᠠᠯᠳᠤᠨ ᠠᠪᠬᠤ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ | 3. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠶᠢ ᠬᠦᠯᠢᠶᠡᠬᠦ ᠦᠭᠡᠢ᠃ | ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠳᠤ ᠰᠢᠭᠤᠳ ᠬᠤᠪᠢ ᠡᠵᠡᠮᠳᠡᠬᠦ᠂ ᠬᠠᠮᠢᠶᠠᠷᠬᠤ | ᠬᠠᠷᠢᠴᠠᠭ᠎ᠠ ᠪᠠᠶᠢᠬᠤ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ ᠳᠤ ᠠᠳᠠᠯᠢ ᠨᠢᠭᠡᠨ ᠳᠠᠭᠠᠭᠠᠴᠢᠯᠠᠯᠲᠠ ᠬᠦᠯᠢᠶᠡᠬᠦ | ᠪᠤᠶᠤ ᠳᠠᠭᠠᠭᠠᠴᠢᠯᠠᠬᠤ ᠭᠡᠵᠦ ᠬᠤᠪᠢᠶᠠᠷᠢᠯᠠᠭᠰᠠᠨ ᠦᠭᠡᠶ ᠠᠳᠠᠯᠢ ᠨᠢᠭᠡᠨ ᠳᠠᠭᠠᠭᠠᠴᠢᠯᠠᠯᠲᠠ ᠵᠠᠷᠯᠠᠬᠤ ᠲᠥᠷᠥᠯ | ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠶ᠃ | 4. ᠭᠡᠷ᠎ᠡ ᠭᠦᠢᠴᠡᠳᠬᠡᠬᠦ ᠲᠤᠰᠬᠠᠶ ᠮᠡᠷᠭᠡᠵᠢᠯ ᠤᠨ ᠲᠥᠬᠦᠭᠡᠷᠦᠮᠵᠢ ᠵᠢᠴᠢ ᠲᠠᠯᠠᠪᠤᠷ ᠭᠠᠵᠠᠷ ᠤᠨ ᠭᠡᠷᠡᠴᠢ | ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ | ᠭᠤᠷᠪᠠ᠂ ᠨᠡᠷ᠎ᠡ ᠮᠡᠳᠡᠭᠦᠯᠬᠦ ᠳᠡᠭᠡᠨ ᠠᠪᠴᠤ ᠶᠠᠪᠤᠬᠤ ᠴᠢᠬᠤᠯᠠᠲᠠᠢ ᠮᠠᠲ᠋ᠧᠷᠢᠶᠠᠯ | 1. ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ | ᠭᠠᠷᠭᠠᠨ ᠦᠵᠡᠭᠦᠯᠵᠦ᠂ ᠪᠠᠭᠤᠯᠭᠠᠪᠤᠷᠢ ᠶᠢ ᠬᠠᠩᠭᠠᠨ᠎ᠠ︔ | 2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ | ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ | ᠥᠭᠭᠦᠨ᠎ᠡ︔ | 3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ | 4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠰᠢᠬᠠᠮ ᠭᠤᠷᠪᠠᠨ ᠰᠠᠷ᠎ᠠ ᠳᠠᠷᠠᠭᠠᠯᠠᠨ | ᠲᠤᠰᠢᠶᠠᠭᠰᠠᠨ ᠭᠡᠷᠡᠴᠢ ᠮᠠᠲ᠋ᠧᠷᠢᠶᠠᠯ᠂ ᠬᠠᠭᠠᠰ ᠵᠢᠯ ᠰᠢᠬᠠᠮ ᠭᠤᠷᠪᠠᠨ ᠰᠠᠷ᠎ᠠ ᠳᠠᠷᠠᠭᠠᠯᠠᠨ ᠭᠠᠶᠢᠯᠢ ᠲᠠᠲᠠᠪᠤᠷ ᠶᠢ | ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ︔ | 5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ | ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ | ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃ | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠶᠢᠨ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ | ᠬᠠᠩᠭᠠᠨ᠎ᠠ︔ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ | ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠪᠤᠷᠢ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ︵www.ccgp.gov.cn ︶ | ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ︔ | 8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ | ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ | ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠦᠭᠡᠢ᠃ | ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ | ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ | ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ | ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ | 01 ᠳ᠋ᠦ᠋ᠭᠡᠷ ᠰᠠᠷ᠎ᠠ ᠶᠢᠨ 13 ᠤ ᠡᠳᠦᠷ ᠠᠴᠠ 2025 ᠣᠨ ᠤ 01 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ | ᠠᠵᠢᠯ ᠤᠨ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ | 14᠄ 30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢ ᠲᠤᠰᠢᠶᠠᠨ᠎ᠠ᠃ | ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ | ᠯᠢᠤᠢ ᠳ᠋ᠢ ᠯᠢᠩ ᠬᠠᠢ ᠲᠣᠮᠣ ᠠᠰᠠᠷ ᠤᠨ ᠲᠠᠪᠤᠳᠤᠭᠠᠷ ᠳᠠᠪᠬᠤᠷᠯᠢᠭ ᠤᠨ ᠬᠥᠬᠡᠬᠤᠲᠠ ᠶᠢᠨ ᠤᠰᠤᠨ ᠰᠢᠨᠵᠢᠯᠡᠭᠡᠨ | ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠠᠯᠪᠠᠨ ᠬᠡᠷ | ᠰᠢᠦᠳᠠᠨ ᠨᠣᠮᠧᠷ᠄ 010010 | ᠬᠠᠷᠢᠯᠴᠠᠬᠤ ᠬᠥᠮᠦᠨ᠄ ᠶᠤᠸᠠᠨ ᠰᠢᠶᠤᠤ ᠶᠠᠩ | ᠬᠠᠷᠢᠯᠴᠠᠬᠤ ᠤᠲᠠᠰᠤ᠄ 15248173236 | | ᠳᠠᠭᠠᠯᠳᠣᠭᠤᠯᠥᠯ᠄ ᠬᠤᠪᠢ ᠲᠣᠠᠠᠳᠠᠭᠠᠬᠤ ᠪᠡᠷᠢᠮᠵᠢᠶ᠎ᠠ .docx | | | |