ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ | 16 ᠤ ᠡᠳᠦᠷ ᠬᠡᠪᠯᠡᠭᠳᠡᠭᠰᠡᠨ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠬᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ ᠂ | ᠦᠢᠯᠡᠳᠦᠯᠭᠡ ᠶᠢᠨ ᠰᠢᠨ᠎ᠡ ᠡᠭᠦᠳᠦᠯᠲᠡ ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠣᠯᠵᠤ ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ | ᠣᠷᠣᠰᠢᠵᠤ ᠪᠠᠶᠢᠭ᠎ᠠ ᠦᠵᠡᠯ ᠰᠠᠨᠠᠭ᠎ᠠ ᠴᠡᠪᠡᠷ ᠪᠤᠰᠤ ᠂ ᠵᠣᠬᠢᠶᠠᠨ ᠪᠠᠶᠢᠭᠤᠯᠤᠯᠲᠠ ᠴᠡᠪᠡᠷ ᠪᠤᠰᠤ ᠂ ᠰᠤᠷᠲᠠᠯ ᠴᠡᠪᠡᠷ | ᠪᠤᠰᠤ ᠵᠡᠷᠭᠡ ᠲᠤᠪᠤᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ ᠂ ᠢᠯᠵᠢᠷᠠᠯ ᠢ | ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ | ᠪᠠᠶᠢᠳᠠᠯ ᠰᠢᠨ᠎ᠡ ᠠᠰᠠᠭᠤᠳᠠᠯ ᠲᠠᠰᠤᠷᠠᠯᠳᠠ ᠦᠭᠡᠢ ᠢᠯᠡᠷᠡᠨ ᠭᠠᠷᠴᠤ ᠂ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ | ᠶᠡᠭᠡ ᠰᠢᠯᠭᠠᠯᠲᠠ︾ ᠂ ︽ᠲᠦᠷᠪᠡᠨ ᠵᠦᠢᠯ ᠤᠨ ᠠᠶᠤᠯ ᠲᠦᠭᠰᠢᠭᠦᠷᠢ︾ ᠤᠷᠳᠤ ᠬᠤᠭᠤᠴᠠᠭ᠎ᠠ ᠪᠠᠷ ᠣᠷᠣᠰᠢᠵᠤ | ᠪᠠᠶᠢᠬᠤ ᠶᠢ ᠣᠯᠵᠤ ᠬᠠᠷᠠᠬᠤ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ | ᠦᠭᠡᠢ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠶᠤᠮ ᠃ ᠪᠦᠬᠦ ᠨᠠᠮ ᠢᠶᠠᠷ ᠢᠶᠠᠨ | ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ ᠰᠡᠷᠭᠡᠭ ᠪᠠ ᠡᠷᠡᠰ ᠵᠤᠷᠢᠭ ᠢᠶᠠᠨ ᠡᠭᠦᠷᠢᠳᠡ ᠪᠠᠲᠤᠯᠠᠵᠤ ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ ᠂ ᠰᠢᠨ᠎ᠡ | ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠳᠠᠰᠤᠷᠠᠯᠳᠠ ᠦᠭᠡᠢ | ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠭᠰᠠᠨ ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ | ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ ᠮᠦᠨ ᠂ ᠨᠠᠮ ᠤᠨ | ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ | ᠵᠢᠷᠤᠮᠯᠠᠯ ᠪᠣᠯᠭᠠᠵᠤ ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠰᠲ᠋ᠧᠮᠲᠦ | ᠰᠡᠳᠭᠢᠬᠦᠶ ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠠᠭᠤᠯᠭ᠎ᠠ ᠶᠢ ᠪᠦᠬᠦᠨ ᠢ | ᠬᠠᠮᠤᠷᠬᠤ ᠂ ᠳ᠋ᠦᠢᠰᠢᠶᠠᠩ ᠢ ᠪᠦᠬᠦᠨ ᠢ ᠬᠠᠮᠤᠷᠬᠤ ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ ᠂ ᠳᠦᠷᠢᠮ ᠢ ᠪᠦᠷᠢᠨ | ᠨᠡᠪᠲᠡᠷᠡᠭᠦᠯᠬᠦ ᠶᠢ ᠠᠬᠢᠭᠤᠯᠵᠤ ᠂ ᠬᠦᠴᠦᠨ ᠵᠦᠢᠯ ᠪᠦᠷᠢᠨ ᠭᠦᠢᠴᠡᠳ ᠪᠠᠶᠢᠬᠤ ᠂ ᠴᠢᠳᠠᠪᠤᠷᠢ ᠲᠡᠭᠦᠯᠳᠡᠷ ᠪᠠᠶᠢᠬᠤ ᠂ | ᠰᠢᠨᠵᠢᠯᠡᠬᠦ ᠤᠬᠠᠭᠠᠨᠴᠢ ᠵᠢᠷᠤᠮᠵᠢᠭᠰᠠᠨ ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ | ᠪᠠᠶᠢᠷᠢᠯᠠᠭᠤᠯᠤᠯᠲᠠ ᠬᠢᠵᠡᠢ ᠃ ᠨᠢᠭᠡ ᠳᠤ ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ ᠂ ᠬᠡᠷᠡᠭᠵᠢᠭᠦᠯᠬᠦ ᠳᠤ | ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠨᠠᠮ ᠤᠨ ᠤᠳᠤᠷᠢᠳᠤᠯᠭ᠎ᠠ ᠂ | ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠨᠠᠮ ᠤᠨ | ᠲᠥᠪ ᠤᠨ ᠵᠣᠬᠢᠶᠠᠨ ᠪᠠᠶᠢᠭᠤᠯᠤᠯᠲᠠ ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ ᠂ ᠢᠯᠭᠤᠮ ᠤᠷᠤᠭᠰᠢᠲᠠᠢ ᠶᠠᠪᠤᠭᠳᠠᠭᠤᠯᠬᠤ | ᠬᠡᠷᠡᠭᠲᠡᠢ ᠃ ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ ᠂ | ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠪᠠᠯ ᠰᠠᠶ᠋ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠴᠢᠳᠠᠨ᠎ᠠ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠨᠢᠭᠲᠠ ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ ᠂ ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠳᠤ ᠪᠠᠶᠢᠳᠠᠭ ᠃ ᠬᠤᠶᠠᠷ ᠲᠤ ᠂ ᠤᠭ ᠦᠨᠳᠦᠰᠦ ᠶᠢ ᠨᠢ ᠪᠠᠬᠢᠵᠢᠭᠦᠯᠦᠨ ᠬᠦᠮᠦᠵᠢᠭᠦᠯᠬᠦ ᠂ ᠰᠡᠳᠬᠢᠯ | ᠨᠢᠬᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠰᠢᠨᠵᠢᠯᠡᠬᠦ | ᠤᠬᠠᠭᠠᠨᠴᠢ ᠤᠨᠤᠯ ᠢ ᠡᠵᠡᠮᠰᠢᠵᠦ ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠪᠠᠯ ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ ᠲᠤᠯᠭᠠᠭᠤᠷᠢᠯᠠᠯ ᠲᠠᠢ ᠪᠣᠯᠵᠤ ᠴᠢᠳᠠᠨ᠎ᠠ ᠃ ᠡᠷᠬᠡᠪᠰᠢ ᠦᠵᠡᠯ ᠰᠠᠨᠠᠭᠠᠨ ᠤ | ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ | ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ ᠂ ᠨᠠᠮᠴᠢ ᠴᠢᠨᠠᠷ ᠤᠨ ᠬᠥᠮᠦᠵᠢᠯ ᠢ ᠤᠷᠳᠤ ᠬᠤᠭᠤᠴᠠᠭ᠎ᠠ ᠪᠠᠷ | ᠪᠠᠷᠢᠮᠲᠠᠯᠠᠨ ᠴᠢᠩᠭᠠᠳᠬᠠᠵᠤ ᠂ ᠨᠠᠮ ᠤᠨ ᠭᠡᠰᠢᠭᠦᠨ ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ ᠃ ᠭᠤᠷᠪᠠ ᠳᠤ ᠂ ᠤᠨᠢᠨ ᠳᠡᠭᠡᠷ᠎ᠡ ᠨᠢ ᠬᠦᠴᠦᠯᠡᠬᠦ ᠂ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ | ᠭᠤᠣᠯᠳᠠᠯᠭ᠎ᠠ ᠪᠣᠯᠭᠠᠵᠤ ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ ᠃ ᠨᠠᠮ ᠤᠨ ᠪᠠᠶᠢᠳᠠᠯ ᠨᠠᠮ ᠤᠨ ᠰᠤᠷᠲᠠᠯ ᠤᠨ | ᠰᠢᠨ᠎ᠡ ᠬᠠᠨᠳᠤᠰᠢ ᠶᠢ ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ ᠂ ᠠᠰᠠᠭᠤᠳᠠᠯ ᠳᠤ ᠬᠠᠨᠳᠤᠬᠤ ᠶᠢ | ᠪᠠᠷᠢᠮᠲᠠᠯᠠᠵᠤ ᠂ ᠦᠨᠳᠦᠰᠦ ᠰᠤᠷᠪᠤᠯᠵᠢ ᠠᠴᠠ ᠨᠢ ᠵᠠᠰᠠᠵᠤ ᠂ ᠦᠩᠭᠡᠨ ᠲᠠᠯ᠎ᠠ ᠶᠢ ᠨᠢ ᠵᠠᠰᠠᠬᠤ ᠮᠥᠷᠲᠡᠭᠡᠨ ᠦᠨᠳᠦᠰᠦ | ᠰᠤᠷᠪᠤᠯᠵᠢ ᠶᠢ ᠨᠢ ᠵᠠᠰᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ ᠣᠨᠣᠪᠴᠢᠲᠤ ᠴᠢᠨᠠᠷ ᠂ ᠪᠣᠳᠠᠲᠤ | ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠃ ᠳᠥᠷᠪᠡ ᠳᠤ ᠂ ᠰᠢᠨᠵᠢᠯᠡᠬᠦ ᠤᠬᠠᠭᠠᠨᠴᠢ ᠪᠦᠷᠢᠨ | ᠲᠦᠬᠦᠷ ᠂ ᠪᠦᠲᠦᠮᠵᠢᠲᠡᠶ ᠬᠡᠷᠡᠭᠴᠡᠭᠡᠲᠡᠢ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ ᠴᠢᠨᠠᠷ ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ | ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ ᠃ | ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠴᠡᠭᠡ ᠲᠠᠢ ᠵᠣᠬᠢᠴᠠᠭᠤᠯᠵᠤ ᠂ ᠨᠠᠮ ᠤᠨ | ᠡᠯ᠎ᠡ ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ ᠂ ᠳᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠨᠢᠭᠲᠠ | ᠰᠦᠯᠵᠢᠬᠦ ᠬᠡᠷᠡᠭᠲᠡᠢ ᠃ ᠡᠭᠦᠨ ᠤ ᠬᠠᠮᠳᠦ ᠂ ᠳᠦᠷᠢᠮ ᠨᠢ ᠬᠡᠲᠦᠷᠬᠡᠢ ᠶᠠᠷᠰᠢᠭ ᠲᠦᠪᠡᠭ ᠲᠠᠢ ᠪᠣᠯᠵᠤ ᠂ ︽ᠳᠦᠷᠢᠮ ᠤᠨ | ᠤᠨᠠᠭᠤᠯᠢ︾ ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ ᠃ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ ᠂ | ᠡᠯ᠎ᠡ ᠵᠦᠢᠯ ᠤᠨ ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ ᠃ ᠲᠠᠪᠤ ᠳᠤ ᠂ ᠭᠤᠤᠯ ᠴᠣᠭᠴᠠ | ᠲᠣᠳᠣᠷᠬᠠᠢ ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ ᠂ ᠡᠷᠬᠡᠪᠰᠢ ᠲᠡᠰ | ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ | ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ ᠂ | ᠬᠠᠷᠢᠭᠤᠴᠠᠯᠭ᠎ᠠ ᠪᠠᠨ ᠡᠭᠦᠷᠭᠡᠯᠡᠬᠦ ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠃ | ᠵᠣᠬᠢᠶᠠᠯ ᠳᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ | ᠲᠣᠪᠴᠢᠶ᠎ᠡ ᠶᠢᠨ ᠨᠥᠬᠦᠳ ᠰᠠᠶᠢᠲᠤᠷ ᠳᠠᠭᠠᠭᠤᠯᠵᠤ ᠂ ᠦᠯᠢᠭᠡᠷ ᠳᠠᠭᠤᠷᠢᠶᠠᠯ ᠪᠣᠯᠵᠤ ᠂ ᠥᠪᠡᠷ ᠢ ᠪᠠᠨ ᠴᠢᠩᠭ᠎ᠠ | ᠱᠠᠭᠠᠷᠳᠠᠵᠤ ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ ᠂ ᠪᠦᠬᠦ ᠨᠠᠮ ᠢ | ᠪᠦᠯᠬᠦᠮᠳᠡᠭᠦᠯᠦᠨ ᠳᠠᠭᠠᠭᠤᠯᠵᠤ ᠨᠠᠮ ᠢ ᠰᠠᠶᠢᠲᠤᠷ ᠵᠠᠰᠠᠵᠤ ᠂ ᠬᠦᠴᠦᠷᠬᠡᠭᠵᠢᠭᠦᠯᠦᠨ ᠪᠠᠶᠢᠭᠤᠯᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | |