ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ ᠂ 2 ᠳ᠋ᠤᠭᠠᠷ ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ | ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠃ ᠥᠪᠥᠷ | ᠮᠣᠩᠭᠤᠯ ᠤᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠣᠳᠣᠬᠢ ᠪᠠᠶᠢᠳᠠᠯ ᠳᠤ ᠰᠠᠭᠤᠷᠢᠯᠠᠨ ᠂ 30 | ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠳᠬᠠᠬᠤ ᠂ ᠲᠠᠷᠢᠶᠠᠯᠠᠩ ᠤᠨ ᠤᠰᠤ ᠠᠷᠪᠢᠯᠠᠬᠤ ᠶᠢ ᠳᠣᠪᠤᠶᠢᠯᠭᠠᠨ ᠰᠠᠶᠢᠲᠤᠷ ᠠᠳᠬᠤᠬᠤ ᠂ | ᠬᠤᠲᠠ ᠬᠥᠳᠡᠭᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠬᠤ ᠂ ᠠᠮᠢ ᠠᠬᠤᠶ ᠶᠢᠨ ᠤᠰᠤ | ᠠᠷᠪᠢᠯᠠᠬᠤ ᠶᠢ ᠢᠳᠡᠪᠬᠢᠲᠡᠶ ᠠᠬᠢᠭᠤᠯᠬᠤ ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠵᠠᠰᠠᠯᠲᠠ ᠶᠢ ᠴᠢᠩᠭᠠᠳᠬᠠᠬᠤ ᠂ ᠬᠡᠪ ᠤᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠬᠦ ᠂ ᠤᠰᠤ ᠠᠷᠪᠢᠯᠠᠬᠤ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠬᠤ ᠵᠡᠷᠭᠡ 9 ᠲᠠᠯ᠎ᠠ ᠠᠴᠠ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ ᠂ ᠤᠰᠤᠨ ᠤ ᠡᠬᠢ | ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ ᠃ | ︽ᠬᠡᠷᠡᠭᠵᠢᠭᠦᠯᠬᠦ ᠲᠥᠰᠦᠯ︾ ᠳᠤ ᠂ 2025 ᠣᠨ ᠳᠤ ᠂ ᠪᠥᠬᠦ ᠣᠷᠣᠨ ᠤ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ ᠂ ᠤᠯᠤᠰ ᠤᠨ | ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠤᠨ᠎ᠠ ᠭᠡᠵᠦ ᠲᠣᠳᠣᠷᠬᠠᠶ ᠲᠤᠭᠲᠠᠭᠠᠪᠠ ᠃ | ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠨᠡᠮᠡᠭᠳᠡᠭᠦᠯᠵᠦ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ | ᠢᠯᠡᠳᠬᠡᠮᠵᠢ ᠶᠢ 0. 59 % ᠠᠴᠠ ᠳᠡᠭᠡᠭᠰᠢ ᠳᠤ ᠬᠦᠷᠦᠭᠦᠯᠦᠨ᠎ᠡ︔ ᠠᠵᠤ ᠦᠢᠯᠡᠳᠪᠦᠷᠢ ᠶᠢᠨ ᠲᠦᠮᠡᠨ | ᠲᠥᠭᠦᠷᠢᠭ ᠤᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13 % ᠠᠴᠠ | ᠳᠡᠭᠡᠭᠰᠢ ᠪᠠᠭᠤᠷᠠᠭᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ | ᠤᠰᠤ ᠭᠤᠭᠤᠵᠢᠵᠤ ᠳᠡᠶᠢᠯᠬᠦ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ ᠂ ᠳᠠᠬᠢᠯᠲᠠ ᠤᠰᠤᠨ ᠤ | ᠠᠰᠢᠭᠯᠠᠯᠲᠠ ᠶᠢᠨ ᠨᠣᠷᠮ᠎ᠠ ᠶᠢ 48% ᠠᠴᠠ ᠳᠡᠭᠡᠭᠰᠢ ᠳᠤ ᠬᠦᠷᠦᠭᠦᠯᠦᠨ᠎ᠡ︔ ᠡᠩ ᠤᠨ ᠪᠤᠰᠤ ᠤᠰᠤᠨ | ᠰᠤᠷᠪᠤᠯᠵᠢ ᠶᠢᠨ ᠬᠡᠷᠡᠭᠯᠡᠬᠦ ᠬᠡᠮᠵᠢᠶ᠎ᠡ ᠶᠢ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ | ᠬᠦᠷᠦᠭᠦᠯᠦᠨ᠎ᠡ ᠃ | ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠪᠠᠷ ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠳᠬᠠᠵᠤ ᠂ ᠤᠰᠤ ᠠᠷᠪᠢᠯᠠᠬᠤ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢᠨ | ᠬᠠᠮᠢᠶᠠᠷᠤᠯᠲᠠ ᠶᠢ ᠴᠢᠩᠭᠠᠳᠬᠠᠬᠤ ᠂ ᠤᠰᠤ ᠬᠡᠷᠡᠭᠯᠡᠬᠦ ᠶᠢ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠬᠦ ᠂ ᠬᠢᠨᠠᠨ | ᠵᠥᠪᠰᠢᠶᠡᠷᠡᠬᠦ ᠶᠢ ᠬᠢᠵᠠᠭᠠᠷᠯᠠᠨ ᠵᠥᠪᠰᠢᠶᠡᠷᠡᠬᠦ ᠶᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ 3 ᠲᠠᠯ᠎ᠠ ᠪᠠᠷ ᠱᠠᠭᠠᠷᠳᠠᠯᠭ᠎ᠠ | ᠭᠠᠷᠭᠠᠵᠤ ᠂ ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢᠴᠡᠳᠭᠡᠯ ᠲᠤᠭ᠎ᠠ ᠶᠢ ᠲᠣᠭᠲᠠᠭᠠᠵᠤ ᠂ ᠠᠶᠢᠮᠠᠭ | ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ ᠶᠢ ᠲᠣᠭᠲᠠᠭᠠᠬᠤ ᠶᠢ ᠱᠠᠭᠠᠷᠳᠠᠪᠠ︔ ︽ᠤᠭᠰᠠᠷᠠᠪᠠᠯ | ᠵᠣᠬᠢᠬᠤ ᠶᠢ ᠨᠢ ᠪᠦᠬᠦᠨ ᠢ ᠣᠭᠰᠠᠷᠠᠵᠤ ᠂ ᠬᠡᠮᠵᠢᠪᠡᠰᠦ ᠵᠣᠬᠢᠬᠤ ᠶᠢ ᠨᠢ ᠪᠦᠬᠦᠨ ᠢ ᠬᠡᠮᠵᠢᠬᠦ︾ ᠱᠠᠭᠠᠷᠳᠠᠯᠭ᠎ᠠ | ᠶᠣᠰᠣᠭᠠᠷ ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠤ 1 ᠲᠦᠮᠡᠨ ᠮᠦ ᠠᠴᠠ ᠳᠡᠭᠡᠭᠰᠢᠬᠢ | ᠰᠤᠪᠠᠭ ᠤᠨ ᠡᠬᠢᠨ ᠤ ᠤᠰᠤ ᠠᠪᠬᠤ ᠬᠡᠮᠵᠢᠯᠲᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ ᠂ 5 ᠲᠦᠮᠡᠨ ᠮᠦ ᠠᠴᠠ | ᠳᠡᠭᠡᠭᠰᠢᠬᠢ ᠰᠤᠪᠠᠭ ᠤᠨ ᠡᠬᠢᠨ ᠤ ᠤᠰᠤ ᠠᠪᠬᠤ ᠬᠡᠮᠵᠢᠶ᠎ᠡ ᠶᠢ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠵᠦ ᠂ | ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ | ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠪᠡ︔ ᠲᠠᠷᠢᠶᠠᠯᠠᠩ ᠤᠨ ᠪᠤᠰᠤ ᠬᠡᠷᠡᠭᠯᠡᠬᠦ ᠡᠷᠦᠬᠡ ᠶᠢᠨ ᠵᠢᠯ ᠤᠨ | ᠵᠥᠪᠰᠢᠶᠡᠷᠡᠯ ᠤᠨ ᠤᠰᠤᠨ ᠤ ᠬᠡᠮᠵᠢᠶ᠎ᠡ ᠨᠢ 50 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠭᠠᠵᠠᠷ ᠤᠨ | ᠭᠠᠳᠠᠷᠭᠤ ᠠᠴᠠ ᠤᠰᠤ ᠲᠠᠲᠠᠬᠤ ᠂ 5 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠭᠠᠵᠠᠷ ᠳᠣᠣᠷᠠᠬᠢ | ᠤᠰᠤ ᠠᠪᠬᠤ ᠬᠡᠮᠵᠢᠶ᠎ᠡ ᠶᠢ ᠴᠥᠮ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠪᠡ︔ ᠤᠰᠤ ᠲᠠᠲᠠᠵᠤ ᠬᠡᠷᠡᠭᠯᠡᠬᠦ | ᠶᠡᠷᠦᠩᠬᠡᠢ ᠬᠡᠮᠵᠢᠶ᠎ᠡ ᠨᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠳᠤ | ᠬᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠪᠠᠯ ᠂ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ | ᠨᠢᠭᠡᠴᠢ ᠶᠢᠨ ᠬᠦᠢᠴᠡᠳᠭᠡᠯ ᠲᠤᠭ᠎ᠠ ᠳᠤ ᠬᠢᠷᠢ ᠲᠡᠩᠴᠡᠭᠰᠡᠨ ᠥᠬᠡᠶ ᠭᠠᠵᠠᠷ ᠣᠷᠣᠨ ᠳᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠤᠶᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ | ᠤᠰᠤ ᠨᠥᠬᠦᠪᠥᠷᠢᠯᠡᠬᠦ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ ᠂ ᠲᠣᠰ ᠭᠠᠵᠠᠷ ᠣᠷᠣᠨ ᠤ ᠤᠰᠤ ᠠᠪᠬᠤ ᠪᠠ | ᠤᠰᠤ ᠠᠪᠬᠤ ᠶᠢ ᠰᠢᠨ᠎ᠡ ᠪᠠᠷ ᠨᠡᠮᠡᠭᠳᠡᠭᠦᠯᠬᠦ ᠶᠢ ᠬᠢᠨᠠᠨ ᠵᠥᠪᠰᠢᠶᠡᠷᠡᠬᠦ ᠶᠢ ᠲᠦᠷ ᠵᠣᠭᠰᠣᠭᠠᠨ᠎ᠠ ᠃ | ︽︿ᠬᠡᠷᠡᠭᠵᠢᠭᠦᠯᠬᠦ ᠲᠥᠰᠦᠯ﹀ ᠤᠨ ᠱᠠᠭᠠᠷᠳᠠᠯᠭ᠎ᠠ ᠪᠠᠷ ᠂ ᠲᠠᠷᠢᠶᠠᠯᠠᠩ ᠤᠨ ᠤᠰᠤ ᠠᠷᠪᠢᠯᠠᠬᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ ᠂ ᠲᠠᠷᠢᠶᠠᠯᠠᠩ ᠤᠨ ᠤᠰᠤ | ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠂ ᠲᠠᠷᠢᠶᠠᠯᠠᠩ ᠤᠨ ᠤᠰᠤ ᠠᠷᠪᠢᠯᠠᠬᠤ | ᠴᠢᠳᠠᠪᠤᠷᠢ ᠶᠢ ᠰᠢᠨ᠎ᠡ ᠪᠠᠷ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠦᠨ᠎ᠡ︔ ᠲᠠᠷᠢᠶᠠᠯᠠᠩ ᠤᠨ | ᠮᠡᠷᠭᠡᠵᠢᠯ ᠤᠨ ᠤᠰᠤ ᠠᠷᠪᠢᠯᠠᠬᠤ ᠮᠡᠷᠭᠡᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠤᠰᠤ ᠠᠷᠪᠢᠯᠠᠬᠤ | ᠴᠢᠳᠠᠪᠤᠷᠢ ᠶᠢ 0.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠦᠨ᠎ᠡ︔ ︿ᠶᠡᠭᠡ ᠤᠰᠤ ᠪᠠᠷ | ᠨᠡᠯᠦ᠋ᠢᠲᠡᠯ᠎ᠡ ᠤᠰᠤᠯᠠᠬᠤ﹀ ᠠᠰᠠᠭᠤᠳᠠᠯ ᠢ ᠭᠦᠨᠵᠡᠭᠡᠶ ᠰᠢᠢᠳᠪᠦᠷᠢᠯᠡᠵᠦ ᠂ ᠪᠣᠷᠣᠲᠣᠬᠤᠶ ᠶᠢᠨ ᠤᠰᠤᠯᠠᠯᠲᠠ ᠶᠢᠨ | ᠣᠷᠣᠨ ᠤ ᠨᠠᠮᠤᠷ ᠤᠨ ᠤᠰᠤᠯᠠᠯᠲᠠ ᠶᠢᠨ ᠤᠰᠤ ᠵᠠᠷᠤᠴᠠᠭᠤᠯᠬᠤ ᠬᠡᠮᠵᠢᠶ᠎ᠡ ᠶᠢ 10 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠣᠷᠴᠢᠮ ᠬᠢᠵᠠᠭᠠᠷᠯᠠᠵᠤ ᠂ ᠪᠤᠰᠤᠳ ᠬᠠᠲᠤᠨ ᠭᠤᠤᠯ ᠤᠨ ᠤᠰᠤ ᠲᠠᠲᠠᠬᠤ ᠤᠰᠤᠯᠠᠯᠲᠠ ᠶᠢᠨ | ᠣᠷᠣᠨ ᠤ ᠥᠰᠥᠯᠲᠡ ᠶᠢᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ | 20% ᠠᠴᠠ ᠳᠡᠭᠡᠭᠰᠢ ᠪᠠᠭᠠᠰᠬᠠᠨ᠎ᠠ︔ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠠᠯᠠᠪᠠᠶ ᠶᠢ 1000 ᠲᠦᠮᠡᠨ ᠮᠦ ᠠᠴᠠ ᠳᠡᠭᠡᠭᠰᠢ ᠨᠡᠮᠡᠭᠳᠡᠭᠦᠯᠦᠨ᠎ᠡ︾ ᠃ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠲᠠᠨᠢᠯᠴᠠᠭᠤᠯᠵᠠᠢ ᠃ | ᠲᠠᠨᠢᠯᠴᠠᠭᠤᠯᠤᠭᠰᠠᠨ ᠢᠶᠠᠷ ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠠᠬᠢᠭᠤᠯᠬᠤ ᠲᠠᠯ᠎ᠠ ᠪᠠᠷ ᠂ | ᠡᠨᠧᠷᠭᠢ ᠶᠢᠨ ᠬᠦᠷᠢᠶᠡᠨ ᠤ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ ᠂ ᠤᠰᠤ ᠠᠷᠪᠢᠯᠠᠬᠤ ᠴᠢᠳᠠᠪᠤᠷᠢ ᠶᠢ | 200 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠪᠤᠰᠤᠳ | ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ ᠂ 213 | ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠳᠠᠪᠬᠤᠷᠳᠠᠭᠤᠯᠤᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ | ᠬᠦᠷᠭᠡᠨ᠎ᠡ ᠃ | ᠯᠢ ᠪᠢᠨ ᠬᠡᠯᠡᠬᠦ ᠳᠤ ᠪᠠᠨ᠄ ︽ᠬᠤᠲᠠ ᠬᠥᠳᠡᠭᠡ ᠶᠢᠨ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠬᠤ | ᠲᠠᠯ᠎ᠠ ᠪᠠᠷ ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠤᠰᠤ ᠭᠤᠭᠤᠵᠢᠬᠤ ᠶᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ ᠂ ᠤᠰᠤ ᠭᠤᠭᠤᠵᠢᠬᠤ ᠬᠤᠭᠤᠯᠠᠶ ᠶᠢᠨ ᠲᠣᠤᠷ ᠢ 400 ᠺᠢᠯᠤᠮᠧᠲᠷ ᠠᠴᠠ ᠳᠡᠭᠡᠭᠰᠢ | ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ ᠂ ᠪᠠᠰᠠ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠵᠤ ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠪᠠ ᠣᠨᠴᠠ | ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠮᠠᠯᠵᠢᠬᠤ ᠲᠠᠷᠢᠶᠠᠯᠠᠬᠤ | ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠮᠠᠯᠵᠢᠬᠤ ᠲᠠᠷᠢᠶᠠᠯᠠᠬᠤ ᠣᠷᠣᠨ ᠤ ᠤᠰᠤ | ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ ᠂ ᠲᠦᠭᠡᠭᠡᠯ | ᠤᠰᠤ ᠶᠢ ᠲᠦᠭᠡᠮᠡᠯᠵᠢᠭᠦᠯᠬᠦ ᠨᠣᠷᠮ᠎ᠠ ᠶᠢ 85% ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ︾ ᠭᠡᠵᠦ ᠬᠡᠯᠡᠪᠡ ᠃ | ︽ᠬᠡᠷᠡᠭᠵᠢᠭᠦᠯᠬᠦ ᠲᠥᠰᠦᠯ︾ ᠳᠤ ᠪᠠᠰᠠ ᠠᠮᠢ ᠠᠬᠤᠶ ᠶᠢᠨ ᠤᠰᠤ ᠠᠷᠪᠢᠯᠠᠬᠤ ᠶᠢ ᠢᠳᠡᠪᠬᠢᠲᠡᠶ ᠠᠬᠢᠭᠤᠯᠵᠤ ᠂ | ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠵᠤ ᠂ ᠤᠯᠤᠰ ᠤᠨ ᠭᠠᠵᠠᠷ ᠰᠢᠷᠣᠶ ᠶᠢᠨ | ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠠᠬᠢᠭᠤᠯᠵᠤ ᠂ ᠬᠤᠲᠠ ᠶᠢᠨ ᠨᠣᠭᠤᠭᠠᠷᠠᠭᠤᠯᠤᠯᠲᠠ ᠶᠢᠨ ᠤᠰᠤ | ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ ᠃ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠵᠤ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠭᠤᠣᠯᠳᠠᠯᠭ᠎ᠠ ᠲᠠᠢ | ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠮᠠᠯᠲᠠᠭᠰᠠᠨ ᠢ ᠵᠠᠰᠠᠬᠤ ᠶᠢ ᠲᠦᠷᠭᠡᠳᠬᠡᠨ ᠠᠬᠢᠭᠤᠯᠵᠤ ᠂ | 2025 ᠣᠨ ᠪᠣᠯᠬᠤ ᠳᠤ ᠬᠡᠲᠦᠷᠡᠲᠡᠯ᠎ᠡ ᠮᠠᠯᠲᠠᠭᠰᠠᠨ ᠬᠡᠮᠵᠢᠶ᠎ᠡ ᠶᠢ ᠨᠡᠶᠢᠲᠡ 3.3 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠪᠠᠭᠠᠰᠬᠠᠪᠠ ᠃ ᠬᠡᠪ ᠤᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠬᠦ | ᠲᠠᠯ᠎ᠠ ᠪᠠᠷ ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠳᠥᠯᠭᠢᠨ ᠠᠬᠢᠭᠤᠯᠵᠤ ᠂ ᠬᠠᠲᠤᠨ ᠭᠤᠤᠯ ᠤᠨ | ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ︔ ᠠᠭᠤᠷᠬᠠᠶ ᠶᠢᠨ ᠬᠤᠳᠳᠤᠭ ᠤᠨ ᠤᠰᠤ ᠶᠢ | ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠤᠰᠤ ᠶᠢ ᠪᠠᠲᠤᠯᠠᠨ ᠨᠡᠭᠦᠷᠡᠰᠦ ᠮᠠᠯᠲᠠᠬᠤ | ᠮᠡᠷᠭᠡᠰᠢᠯ ᠢ ᠳᠡᠯᠭᠡᠷᠡᠭᠦᠯᠦᠨ ᠂ 2025 ᠣᠨ ᠤ ᠡᠴᠦᠰ ᠪᠣᠯᠬᠤ ᠳᠤ ᠪᠥᠬᠦ ᠣᠷᠣᠨ ᠤ ᠠᠭᠤᠷᠬᠠᠶ ᠶᠢᠨ | ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ ᠃ | |