ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶᠡᠨ ᠤ ᠬᠥᠬᠡᠬᠤᠲᠠ ᠶᠢᠨ 2 ᠳ᠋ᠤᠭᠠᠷ ᠰᠠᠷ᠎ᠠ ᠶᠢᠨ 20 ᠤ | ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢ ᠠᠢ ᠫᠢᠩ︶ ᠰᠤᠷᠪᠤᠯᠵᠢᠯᠠᠭᠴᠢ 20 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ | 2025 ᠣᠨ ᠳᠤ ᠂ ᠥᠪᠥᠷ ᠮᠣᠩᠭᠤᠯ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ ᠃ | ᠲᠦᠷᠦᠭᠦᠬᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ︾ ︵︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠂ ᠲᠣᠰ ᠲᠥᠰᠥᠯ ᠢ ᠠᠵᠢᠯ | ᠲᠥᠷᠥᠯ ᠤᠨ ᠬᠢᠨ ᠥᠪᠥᠷ ᠮᠣᠩᠭᠤᠯ ᠤᠨ ᠲᠡᠦᠬᠡᠨ ᠳᠠᠬᠢ ᠬᠠᠮᠤᠭ ᠤᠨ ᠴᠢᠩᠭ᠎ᠠ ᠤᠰᠤ ᠠᠷᠪᠢᠯᠠᠬᠤ ᠲᠥᠰᠥᠯ ᠭᠡᠳᠡᠭ ᠃ | | ᠲᠣᠰ ︽ᠲᠥᠰᠦᠯ︾ ᠤᠨ ᠱᠠᠭᠠᠷᠳᠠᠯᠭ᠎ᠠ ᠶᠣᠰᠣᠭᠠᠷ ᠂ 2025 ᠣᠨ ᠳᠤ ᠂ ᠥᠪᠥᠷ ᠮᠣᠩᠭᠤᠯ ᠤᠨ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ | ᠬᠢᠵᠠᠭᠠᠷᠯᠠᠵᠤ ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠪᠠ︔ | ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ | ᠠᠰᠢᠭᠯᠠᠯᠲᠠ ᠶᠢᠨ ᠢᠯᠡᠳᠬᠡᠮᠵᠢ ᠶᠢ 0.59 ᠠᠴᠠ ᠳᠡᠭᠡᠭᠰᠢ ᠳᠤ ᠬᠦᠷᠦᠭᠦᠯᠦᠨ᠎ᠡ︔ ᠠᠵᠤ ᠦᠢᠯᠡᠳᠪᠦᠷᠢ ᠶᠢᠨ | ᠲᠦᠮᠡᠨ ᠲᠥᠭᠦᠷᠢᠭ ᠤᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13% | ᠠᠴᠠ ᠳᠡᠭᠡᠭᠰᠢ ᠪᠠᠭᠤᠷᠠᠭᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ | ᠲᠣᠣᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ ᠂ ᠳᠠᠬᠢᠯᠲᠠ ᠤᠰᠤᠨ ᠤ | ᠠᠰᠢᠭᠯᠠᠯᠲᠠ ᠶᠢᠨ ᠨᠣᠷᠮ᠎ᠠ ᠶᠢ 48% ᠠᠴᠠ ᠳᠡᠭᠡᠭᠰᠢ ᠳᠤ ᠬᠦᠷᠦᠭᠦᠯᠦᠨ᠎ᠡ︔ ᠬᠡᠪ ᠤᠨ ᠪᠤᠰᠤ ᠤᠰᠤᠨ | ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠳᠤ ᠬᠦᠷᠭᠡᠨ᠎ᠡ ᠃ | ᠲᠣᠰ ︽ᠲᠥᠰᠦᠯ︾ ᠳᠤ ᠵᠢᠭᠠᠵᠤ ᠭᠠᠷᠭᠠᠭᠰᠠᠨ ᠨᠢ ᠂ ᠥᠪᠥᠷ ᠮᠣᠩᠭᠤᠯ ᠤᠰᠤᠨ ᠤ ᠡᠬᠢ ᠪᠠᠶᠠᠯᠢᠭ ᠤᠨ | ᠬᠠᠲᠠᠭᠤ ᠬᠢᠵᠠᠭᠠᠷᠯᠠᠯ ᠢ ᠴᠢᠩᠭᠠᠳᠬᠠᠵᠤ ᠂ ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢᠴᠡᠳᠬᠡᠯ ᠲᠤᠭ᠎ᠠ ᠶᠢ | ᠲᠣᠭᠲᠠᠭᠠᠵᠤ ᠂ ᠠᠶᠢᠮᠠᠭ ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ ᠶᠢ ᠲᠣᠭᠲᠠᠭᠠᠵᠤ ᠂ ᠤᠰᠤ ᠲᠠᠲᠠᠵᠤ | ᠬᠡᠷᠡᠭᠯᠡᠬᠦ ᠶᠡᠷᠦᠩᠬᠡᠢ ᠬᠡᠮᠵᠢᠶ᠎ᠡ ᠨᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠬᠠᠮᠢᠶᠠᠷᠤᠨ ᠡᠵᠡᠮᠳᠡᠬᠦ ᠭᠦᠢᠴᠡᠳᠬᠡᠯ | ᠲᠤᠭ᠎ᠠ ᠳᠤ ᠬᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠪᠠᠯ ᠂ ᠭᠠᠵᠠᠷ ᠳᠣᠤᠷᠠᠬᠢ ᠤᠰᠤᠨ ᠤ | ᠬᠠᠮᠢᠶᠠᠷᠤᠯᠲᠠ ᠶᠢᠨ ᠨᠢᠭᠡᠴᠢ ᠶᠢᠨ ᠭᠦᠢᠴᠡᠳᠬᠡᠯ ᠲᠤᠭ᠎ᠠ ᠳᠤ ᠬᠢᠷᠢ ᠲᠡᠩᠴᠡᠭᠰᠡᠨ ᠥᠬᠡᠶ ᠭᠠᠵᠠᠷ ᠣᠷᠣᠨ ᠳᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠤᠶᠤ ᠢᠯᠴᠢ ᠬᠠᠩᠭᠠᠬᠤ ᠬᠤᠭᠤᠯᠠᠶ ᠶᠢᠨ | ᠲᠣᠤᠷ ᠲᠤ ᠤᠰᠤ ᠨᠥᠬᠦᠪᠥᠷᠢᠯᠡᠬᠦ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ ᠂ ᠲᠣᠰ ᠭᠠᠵᠠᠷ ᠣᠷᠣᠨ ᠤ ᠤᠰᠤ | ᠲᠠᠲᠠᠵᠤ ᠬᠡᠷᠡᠭᠯᠡᠬᠦ ᠰᠢᠨ᠎ᠡ ᠪᠠᠷ ᠨᠡᠮᠡᠭᠳᠡᠬᠦ ᠶᠢ ᠬᠢᠨᠠᠨ ᠵᠥᠪᠰᠢᠶᠡᠷᠡᠬᠦ ᠶᠢ ᠲᠦᠷ ᠵᠣᠭᠰᠣᠭᠠᠨ᠎ᠠ ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠠᠮᠢ ᠠᠬᠤᠶ ᠶᠢᠨ ᠤᠰᠤ ᠠᠷᠪᠢᠯᠠᠬᠤ ᠲᠠᠯ᠎ᠠ ᠪᠠᠷ ᠂ ᠥᠪᠥᠷ | ᠮᠣᠩᠭᠤᠯ ᠳᠠᠬᠢᠯᠲᠠ ᠤᠰᠤ ᠶᠢ ᠬᠤᠲᠠ ᠶᠢᠨ ᠨᠣᠭᠤᠭᠠᠷᠠᠭᠤᠯᠤᠯᠲᠠ ᠳᠤ ᠤᠷᠢᠳ ᠢᠶᠠᠷ ᠬᠡᠷᠡᠭᠯᠡᠵᠦ ᠂ ᠭᠠᠵᠠᠷ ᠳᠣᠤᠷᠠᠬᠢ | ᠤᠰᠤ ᠶᠢ ᠬᠤᠲᠠ ᠶᠢᠨ ᠤᠰᠤᠨ ᠤ ᠦᠵᠡᠮᠵᠢ ᠂ ᠤᠰᠤᠨ ᠤ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠳᠤ | ᠬᠡᠷᠡᠭᠯᠡᠬᠦ ᠶᠢ ᠴᠢᠩᠭ᠎ᠠ ᠴᠠᠭᠠᠵᠠᠯᠠᠵᠤ ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠤᠨ ᠬᠠᠮᠤᠷᠬᠤ ᠬᠡᠪᠴᠢᠶᠡᠨ | ᠳᠣᠲᠣᠷᠠᠬᠢ ᠨᠣᠭᠤᠭᠠᠷᠠᠭᠤᠯᠤᠯᠲᠠ ᠶᠢᠨ ᠤᠰᠤᠨ ᠤ ᠡᠬᠢ ᠰᠤᠷᠪᠤᠯᠵᠢ ᠶᠢᠨ ᠬᠤᠳᠳᠤᠭ ᠢ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠨ᠎ᠡ︔ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠭᠡᠨ ᠤ ᠲᠠᠯ᠎ᠠ ᠪᠠᠷ ᠂ ᠥᠪᠥᠷ | ᠮᠣᠩᠭᠤᠯ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ ᠂ | ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ︔ ᠥᠪᠥᠷ ᠮᠣᠩᠭᠤᠯ ᠪᠠᠰᠠ ᠤᠰᠤ ᠶᠢ ᠬᠠᠮᠠᠭᠠᠯᠠᠵᠤ ᠨᠡᠭᠦᠷᠡᠰᠦ ᠮᠠᠯᠲᠠᠬᠤ | ᠤᠷ᠎ᠠ ᠮᠡᠷᠭᠡᠵᠢᠯ ᠢ ᠳᠡᠯᠭᠡᠷᠡᠭᠦᠯᠵᠦ ᠂ 2025 ᠣᠨ ᠤ ᠡᠴᠦᠰ ᠪᠣᠯᠬᠤ ᠳᠤ ᠠᠭᠤᠷᠬᠠᠢ ᠶᠢᠨ ᠬᠤᠳᠳᠤᠭ ᠤᠨ | ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠃ ︵ | ᠳᠠᠭᠤᠰᠪᠠ︶ | |