ᠤᠰᠤᠨ ᠠᠰᠢᠬᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠳᠦᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠳᠠᠭᠤᠰᠴᠦ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2025/2/21
  ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠠᠭᠤᠰᠴᠦ ᠬᠠᠷᠢᠭᠤ ᠲᠤᠰᠬᠠᠬᠤ ᠠᠵᠢᠯ ᠢ ᠤᠶᠢᠷ᠎ᠠ ᠳᠤ ᠪᠦᠬᠦᠨ ᠢ ᠪᠡᠶᠡᠯᠡᠭᠦᠯᠪᠡ ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠂ ᠤᠰᠤᠨ ᠠᠰᠢᠭᠯᠠᠯᠲᠠ ᠶᠢᠨ ᠶᠠᠮᠤᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠨᠠᠮ ᠤᠨ ᠬᠤᠷᠢᠶ᠎ᠠ ᠂ ᠤᠰᠤᠨ ᠠᠰᠢᠭᠯᠠᠯᠲᠠ ᠶᠢᠨ ᠶᠠᠮᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠨᠠᠨᠵᠢᠩ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠳᠤ ᠲᠣᠰ ᠲᠣᠰ ᠬᠠᠷᠢᠭᠤ ᠲᠤᠰᠬᠠᠪᠠ ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠲᠣᠰ ᠲᠣᠰ ᠬᠠᠷᠢᠭᠤ ᠲᠤᠰᠬᠠᠬᠤ ᠬᠤᠷᠠᠯ ᠳᠤ ᠣᠷᠣᠯᠴᠠᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠭᠦᠢᠴᠡᠳᠭᠡᠬᠦ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠤᠯᠲᠠ ᠬᠢᠪᠠ ᠃ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ ᠲᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ ᠃  ᠬᠠᠷᠢᠭᠤ ᠲᠤᠰᠬᠠᠯ ᠨᠢ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠴᠢᠩᠭ᠎ᠠ ᠵᠢᠭᠠᠵᠤ ᠭᠠᠷᠭᠠᠪᠠ ᠃ ᠵᠠᠷᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠭᠰᠠᠨ ᠦᠭᠡᠢ ᠪᠠᠶᠢᠵᠤ ᠂ ᠡᠭᠦᠷᠭᠡ ᠬᠠᠷᠢᠭᠤᠴᠠᠯᠭ᠎ᠠ ᠪᠠᠷ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠂ ᠤᠰᠤᠨ ᠠᠰᠢᠭᠯᠠᠯᠲᠠ ᠶᠢᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠠᠬᠢᠭᠤᠯᠬᠤ ᠳᠤ ᠵᠥᠷᠢᠶ᠎ᠡ ᠲᠠᠢ ᠪᠠᠶᠢᠨ᠎ᠠ︔  ᠵᠠᠷᠢᠮ ᠡᠭᠦᠷᠭᠡ ᠴᠢᠳᠠᠪᠬᠢ ᠪᠠᠨ ᠭᠦᠢᠴᠡᠳᠬᠡᠬᠦ ᠲᠠᠯ᠎ᠠ ᠪᠠᠷ ᠬᠦᠷᠦᠯᠴᠡᠬᠦ ᠦᠭᠡᠢ ᠲᠠᠯ᠎ᠠ ᠣᠷᠣᠰᠢᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯ ᠬᠢᠭᠰᠡᠨ ᠢᠶᠠᠷ ᠬᠦᠷᠦᠯᠴᠡᠬᠦ ᠦᠭᠡᠢ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠬᠤ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠠᠯ᠎ᠠ ᠪᠠᠷ ᠬᠦᠴᠦᠲᠡᠢ ᠪᠢᠰᠢ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠪᠠᠭᠤᠷᠠᠢ ᠭᠤᠭᠴᠤᠭ᠎ᠠ ᠤᠷᠤᠰᠢᠵᠦ ᠪᠠᠶᠢᠨ᠎ᠠ︔ ᠵᠠᠷᠢᠮ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠭᠰᠠᠨ ᠦᠭᠡᠢ ᠂ ᠭᠤᠣᠯᠳᠠᠯᠭ᠎ᠠ ᠲᠠᠢ ᠬᠦᠷᠢᠶᠡᠨ ᠤ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠲᠤᠪᠤᠶᠢᠮ᠎ᠠ ᠪᠠᠶᠢᠨ᠎ᠠ︔ ᠵᠠᠷᠢᠮ ᠨᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠬᠦᠴᠦᠲᠡᠢ ᠪᠢᠰᠢ ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠳᠤᠲᠠᠭᠤᠳᠠᠯ ᠲᠠᠢ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠤᠭᠰᠠᠨ ᠦᠭᠡᠢ︔ ᠵᠠᠷᠢᠮ ᠨᠢ ᠲᠣᠭᠤᠷᠢᠨ ᠪᠠᠶᠢᠴᠠᠭᠠᠬᠤ ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠨᠢ ᠯᠠᠪᠳᠠᠭᠤᠨ ᠪᠠᠲᠤᠲᠠᠢ ᠪᠢᠰᠢ ᠂ ᠤᠷᠳᠤ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠦᠴᠦᠲᠡᠢ ᠠᠬᠢᠭᠤᠯᠤᠭᠰᠠᠨ ᠦᠭᠡᠢ ᠪᠠᠶᠢᠨ᠎ᠠ ᠃  ᠬᠠᠷᠢᠭᠤ ᠲᠤᠰᠬᠠᠯ ᠳᠤ ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠰᠤᠨ ᠠᠰᠢᠭᠯᠠᠯᠲᠠ ᠶᠢᠨ ᠡᠭᠦᠷᠭᠡ ᠶᠢ ᠪᠣᠳᠠᠲᠠᠢ ᠠᠳᠬᠤᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠤ ᠡᠭᠦᠷᠭᠡ ᠴᠢᠳᠠᠪᠬᠢ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠴᠢᠩᠭ᠎ᠠ ᠬᠦᠭ ᠠᠶᠠᠰ ᠂ ᠴᠢᠩᠭ᠎ᠠ ᠠᠷᠭ᠎ᠠ ᠬᠡᠮᠵᠢᠶ᠎ᠡ ᠂ ᠴᠢᠩᠭ᠎ᠠ ᠠᠭᠤᠷ ᠠᠮᠢᠰᠬᠤᠯ ᠢ ᠡᠴᠦᠰ ᠲᠤ ᠨᠢ ᠲᠤᠯᠲᠠᠯ᠎ᠠ ᠲᠤᠭᠤᠰᠢᠯᠠᠭᠤᠯᠵᠤ ᠂ ᠡᠯ᠎ᠡ ᠱᠠᠲᠤᠨ ᠤ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ ᠃ ᠤᠳᠤᠷᠢᠳᠬᠤ ᠪᠠᠭ ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠡᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠂ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠵᠡᠷᠭᠡ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠦ ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠲᠠᠨ ᠪᠣᠯᠤᠨ ᠰᠢᠨ᠎ᠡ ᠶᠢ ᠡᠭᠦᠳᠬᠦ ᠲᠠᠭᠠᠭᠤᠯᠤᠬᠴᠢ ᠴᠢᠳᠠᠪᠤᠷᠢᠲᠠᠨ ᠲᠠᠰᠤᠷᠠᠯᠳᠠ ᠦᠭᠡᠢ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ ᠃  ᠬᠠᠷᠢᠭᠤ ᠲᠤᠰᠬᠠᠯ ᠳᠤ ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠵᠣᠷᠢᠯᠭ᠎ᠠ ᠪᠣᠯ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ ᠂ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ ᠂ ᠡᠪᠡᠳᠴᠢᠨ ᠤ ᠦᠨᠳᠦᠰᠦ ᠶᠢ ᠨᠢ ᠤᠬᠤᠴᠢᠯᠠᠵᠤ ᠂ ᠡᠪᠡᠳᠴᠢᠨ ᠢ ᠨᠢ ᠣᠨᠣᠰᠢᠯᠠᠵᠤ ᠡᠮ ᠵᠠᠷᠤᠬᠤ ᠂ ᠠᠰᠠᠭᠤᠳᠠᠯ ᠢ ᠭᠦᠨᠵᠡᠭᠡᠢ ᠠᠭᠤᠳᠠᠯᠵᠤ ᠂ ᠲᠦᠢᠯᠪᠤᠷᠢᠲᠠᠢ ᠥᠭᠡᠷᠡᠴᠢᠯᠡᠵᠦ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠠᠷᠢᠭᠤ ᠲᠤᠰᠬᠠᠬᠤ ᠬᠤᠷᠠᠯ ᠳᠡᠭᠡᠷ᠎ᠡ ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠦᠨᠡᠨᠴᠢ ᠪᠠᠷ ᠬᠦᠯᠢᠶᠡᠨ ᠠᠪᠴᠤ ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠨ ᠠᠪᠴᠤ ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ ᠃  ᠣᠶᠢᠯᠠᠭᠠᠭᠰᠠᠨ ᠢᠶᠠᠷ ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠪᠠᠰᠠ ᠵᠠᠷᠢᠮ ᠤᠳᠤᠷᠢᠳᠬᠤ ᠺᠠᠳ᠋ᠷ ᠢ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠣᠯᠵᠤ ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠪᠡ ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号