ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2025/2/27
  2024 ᠣᠨ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠂ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠣᠯᠤᠨ ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠤᠯ ᠱᠤᠭᠤᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ  ᠢ ᠨᠡᠬᠡᠬᠡᠵᠦ ᠳᠤᠮᠳᠠ ᠲᠦᠪᠰᠢᠨ ᠳᠤ ᠳᠠᠪᠰᠢᠬᠤ︾ ᠭᠤᠤᠯ ᠶᠡᠭᠡ ᠲᠠᠯ᠎ᠠ ᠶᠢᠨ ᠲᠣᠭᠤᠷᠢᠨ ᠳᠤ ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ︶︾ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠪᠥᠬᠦ ᠬᠦᠴᠦᠨ ᠢᠶᠠᠷ ᠢᠶᠠᠨ ᠭᠦᠢᠴᠡᠳᠭᠡᠵᠦ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ ᠃  ᠨᠢᠭᠡ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠪᠠ  ᠨᠢᠭᠡ ᠳᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠰᠤᠨ ᠠᠰᠢᠭᠯᠠᠯᠲᠠ ᠶᠢᠨ ᠠᠵᠢᠯ ᠤᠨ ᠲᠥᠯᠥᠪᠯᠡᠭᠡ ᠳᠤ ᠣᠷᠣᠭᠤᠯᠵᠤ ᠂ ᠣᠨ ᠤ ᠠᠵᠢᠯ ᠤᠨ ᠭᠤᠣᠯᠳᠠᠯᠭ᠎ᠠ ᠶᠢ ᠲᠣᠭᠲᠠᠭᠠᠨ᠎ᠠ ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ ᠂ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠮᠠᠭᠠᠶ ᠲᠣᠭᠲᠠᠭᠠᠨ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ ᠃ ᠬᠤᠶᠠᠷ ᠲᠤ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ ᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾ ᠶᠢ ᠭᠦᠨᠵᠡᠭᠡᠢ ᠰᠤᠷᠤᠯᠴᠠᠵᠤ ᠂ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠪᠠᠶᠢᠭᠤᠯᠭ᠎ᠠ ᠶᠢᠨ ᠪᠦᠬᠦ ᠠᠯᠪᠠᠲᠠᠨ ᠢ ᠵᠣᠬᠢᠶᠠᠨ ᠪᠠᠶᠢᠭᠤᠯᠵᠤ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠬᠤ᠋ ᠵᠢᠶᠠᠨ ᠮᠢᠶᠣᠣ ᠲᠤᠰᠬᠠᠢ ᠰᠡᠳᠦᠪ ᠢᠶᠠᠷ ︽ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠢ︾ ᠭᠡᠬᠦ ᠰᠦᠯᠵᠢᠶᠡᠨ ᠤ ᠰᠢᠭᠤᠳ ᠨᠡᠪᠲᠡᠷᠡᠭᠦᠯᠭᠡ ᠳᠤ ᠣᠷᠣᠯᠴᠠᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ ᠂ ᠬᠠᠤᠯᠢ ᠪᠠᠷ ᠵᠠᠰᠠᠬᠤ ᠵᠠᠮ ᠢᠶᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠳᠬᠠᠪᠠ ᠃ ᠭᠤᠷᠪᠠ ᠳᠤ ᠂ ᠭᠤᠣᠯ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠪᠡ ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ ᠂ ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠬᠢᠨᠠᠨ ᠭᠦᠢᠴᠡᠳᠬᠡᠵᠦ ᠂ ᠵᠢᠯ ᠤᠨ ᠡᠬᠢᠨ ᠳᠤ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠳᠡᠭᠡᠷ᠎ᠡ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠂ ᠲᠢᠩᠬᠢᠮ ᠤᠨ ᠶᠠᠪᠤᠳᠠᠯ ᠤᠨ ᠬᠤᠷᠠᠯ ᠂ ᠲᠢᠩᠬᠢᠮ ᠤᠨ ᠳᠠᠷᠤᠭ᠎ᠠ ᠶᠢᠨ ᠠᠵᠢᠯ ᠤᠨ ᠬᠤᠷᠠᠯ ᠂ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠣᠯᠠᠨ ᠤᠳᠠᠭ᠎ᠠ ᠡᠷᠭᠢᠯᠡᠨ ᠬᠤᠷᠠᠯᠳᠤᠭᠤᠯᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠣᠯᠠᠨ ᠤᠳᠠᠭ᠎ᠠ ᠡᠷᠭᠢᠯᠡᠨ ᠬᠤᠷᠠᠯᠳᠤᠭᠤᠯᠵᠤ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠂ ᠤᠰᠤ ᠶᠢ ᠠᠷᠪᠢᠯᠠᠵᠤ ᠬᠡᠷᠡᠭᠯᠡᠬᠦ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠂ ᠲᠣᠭᠤᠷᠢᠨ ᠪᠠᠶᠢᠴᠠᠭᠠᠬᠤ ᠠᠵᠢᠯ ᠤᠨ ᠲᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠲᠦᠷᠢᠮ ᠳᠤ ᠵᠠᠰᠠᠪᠤᠷᠢ ᠣᠷᠣᠭᠤᠯᠬᠤ ᠂ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠵᠢᠴᠢ ᠵᠠᠰᠠᠭ ᠵᠠᠬᠢᠷᠭᠠᠨ ᠤ ᠣᠯᠠᠨ ᠵᠦᠢᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠰᠤᠳᠤᠯᠵᠤ ᠂ ᠤᠰᠤ ᠶᠢ ᠠᠷᠪᠢᠯᠠᠵᠤ ᠬᠡᠷᠡᠭᠯᠡᠬᠦ ᠲᠦᠷᠢᠮ ᠢ ᠤᠬᠠᠭᠤᠯᠤᠨ ᠲᠤᠭᠤᠰᠢᠯᠠᠭᠤᠯᠬᠤ ᠠᠵᠢᠯ ᠢ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠳᠤ ᠣᠷᠣᠯᠴᠠᠭᠰᠠᠨ ᠪᠥᠭᠡᠳ ᠲᠠᠩᠭᠠᠷᠢᠭᠯᠠᠬᠤ ᠶᠠᠷᠢᠶ᠎ᠠ ᠲᠠᠯᠪᠢᠵᠤ ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠤᠰᠤ ᠶᠢ ᠵᠠᠰᠠᠵᠤ ᠤᠰᠤ ᠶᠢ ᠬᠠᠮᠢᠶᠠᠷᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ  ᠨᠢᠭᠡ ᠳᠤ ᠂ ᠰᠢᠨᠵᠢᠯᠡᠬᠦ ᠤᠬᠠᠭᠠᠨᠴᠢ ᠠᠷᠠᠳᠴᠢᠯᠠᠯ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠳᠠᠯᠠᠪᠠ ᠃ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠬᠤ ᠶᠢᠨ ᠬᠠᠮᠲᠤ ᠢᠯᠡ ᠪᠣᠯᠭᠠᠵᠤ ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠤᠭᠲᠠᠭᠠᠪᠠ ᠃ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ ᠲᠤᠭᠤᠰᠢᠯᠠᠭᠤᠯᠵᠤ ᠂ 56 ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠴᠢᠬᠤᠯᠠ ᠶᠡᠭᠡ ᠵᠦᠢᠯᠡᠰ ᠢ ᠶᠠᠷᠢᠯᠴᠠᠨ ᠲᠣᠭᠲᠠᠭᠠᠵᠤ ᠂ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ ᠂ ᠤᠯᠠᠨ ᠨᠡᠶᠢᠲᠡ ᠪᠠᠷ ᠢᠶᠠᠨ ᠣᠷᠣᠯᠴᠠᠬᠤ ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠢᠴᠢ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠂ ᠲᠦᠷᠦ ᠶᠢᠨ ᠪᠤᠳᠤᠯᠭ᠎ᠠ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠵᠡᠷᠭᠡ ᠰᠢᠢᠳᠪᠦᠷᠢᠲᠦ ᠪᠤᠳᠤᠯᠭ᠎ᠠ ᠶᠢᠨ ᠲᠡᠰ ᠳᠠᠷᠠᠭᠠᠯᠠᠯ ᠢ ᠴᠢᠩᠭ᠎ᠠ ᠭᠦᠢᠴᠡᠳᠬᠡᠵᠦ ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠤᠨ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠢ ᠭᠦᠢᠴᠡᠳ ᠪᠠᠳᠠᠷᠠᠭᠤᠯᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ ᠂ ᠠᠯᠪᠠᠨ ᠲᠤᠰᠢᠶᠠᠯᠲᠤ ᠬᠠᠤᠯᠢᠴᠢ ᠶᠢ ᠬᠠᠤᠯᠢ ᠶᠣᠰᠣᠭᠠᠷ ᠪᠠᠶᠢᠭᠤᠯᠵᠤ ᠂ ᠲᠡᠭᠦᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠠᠬᠢ ᠬᠠᠤᠯᠢ ᠲᠦᠷᠢᠮ ᠤᠨ ᠬᠢᠨᠠᠨ ᠬᠠᠷᠭᠤᠭᠤᠯᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ ᠃ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ ᠶᠢ ᠵᠢᠷᠤᠮᠵᠢᠭᠤᠯᠵᠤ ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠪᠥᠬᠦ ᠵᠢᠯ ᠳᠤ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠂ ᠤᠰᠤᠨ ᠠᠰᠢᠭᠯᠠᠯᠲᠠ ᠶᠢᠨ ᠬᠠᠤᠯᠢ ᠲᠣᠭᠲᠠᠭᠠᠬᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠂ ᠢᠷᠭᠡᠨ ᠤ ᠬᠡᠷᠡᠭ ᠤᠨ ᠵᠠᠷᠭᠤ ᠂ ᠵᠠᠬᠢᠳᠠᠯ ᠰᠤᠷᠪᠤᠯᠵᠢᠯᠠᠯ ᠢ ᠭᠦᠢᠴᠡᠳᠭᠡᠬᠦ ᠵᠡᠷᠭᠡ ᠳᠤ ᠬᠠᠤᠯᠢ ᠴᠠᠭᠠᠵᠠ ᠶᠢᠨ ᠰᠠᠨᠠᠯ 35 ᠤᠳᠠᠭ᠎ᠠ ᠳᠤᠷᠠᠳᠤᠪᠠ ᠃ ᠬᠤᠶᠠᠷ ᠲᠤ ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠨ ᠬᠢᠵᠠᠭᠠᠷᠯᠠᠬᠤ ᠶᠢ ᠴᠢᠩᠭᠠᠳᠬᠠᠪᠠ ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠳᠬᠠᠵᠤ ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ ᠂ ᠯᠢ ᠫᠧᠩ ᠰᠢᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢᠶᠠᠷ ᠲᠦᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠥᠷᠨᠢᠭᠦᠯᠵᠦ ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠠᠬᠢᠭᠤᠯᠪᠠ ᠃ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠂ 12345 ᠬᠠᠯᠠᠮᠰᠢᠯ ᠤᠲᠠᠰᠤ ᠵᠡᠷᠭᠡ ᠵᠦᠢᠯᠡᠰ ᠢ ᠨᠠᠷᠢᠨ ᠬᠢᠨᠠᠮᠠᠭᠠᠢ ᠰᠢᠢᠳᠪᠦᠷᠢᠯᠡᠵᠦ ᠂ ᠪᠦᠬᠦ ᠵᠢᠯ ᠳᠤ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠯ ᠂ ᠢᠯᠡᠴᠢᠯᠡᠨ ᠮᠡᠳᠡᠭᠦᠯᠦᠯᠲᠡ ᠂ ᠵᠠᠭᠠᠯᠳᠤᠯᠭ᠎ᠠ ᠂ ᠵᠥᠪᠯᠡᠯᠭᠡ ᠂ ᠰᠠᠨᠠᠭᠤᠯᠭ᠎ᠠ ᠶᠢᠨ ᠵᠦᠢᠯᠡᠰ ᠢ 363 ᠰᠢᠢᠳᠪᠦᠷᠢᠯᠡᠪᠡ ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠲᠤ ︽ᠪᠦᠬᠦ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ ᠂ ᠲᠢᠩᠬᠢᠮ ᠤᠨ ᠫᠣᠷᠲ᠋ᠧᠯ ᠰᠦᠯᠵᠢᠶᠡᠨ ᠳᠡᠭᠡᠷ᠎ᠡ ᠵᠠᠰᠠᠭ ᠤᠨ ᠣᠷᠳᠣᠨ ᠤ 371 ᠵᠤᠷᠪᠤᠰ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ 23 ᠬᠤᠪᠢ ᠬᠠᠤᠯᠢ ᠶᠣᠰᠣᠭᠠᠷ ᠬᠠᠷᠢᠭᠤᠯᠲᠠ ᠥᠭᠪᠡ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ 75 ᠬᠤᠪᠢ ᠳᠤᠷᠠᠳᠤᠯᠭ᠎ᠠ ᠶᠢ ᠰᠢᠢᠳᠪᠦᠷᠢᠯᠡᠨ ᠳᠠᠭᠤᠰᠬᠠᠪᠠ ᠃ ᠭᠤᠶᠤᠴᠢᠯᠠᠭᠳᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ 1 ᠬᠤᠪᠢ ᠭᠦᠢᠴᠡᠳᠬᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠲᠣᠭᠲᠠᠭᠠᠯ ᠤᠨ ᠪᠢᠴᠢᠭ ᠤᠨ ᠮᠠᠨ ᠤ ᠲᠢᠩᠬᠢᠮ ᠤᠨ ᠭᠠᠷᠭᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠮᠠᠭᠠᠯᠠᠵᠤ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠵᠦ ᠪᠤᠷᠤᠭᠤ ᠶᠢ ᠵᠠᠯᠠᠷᠠᠭᠤᠯᠬᠤ ᠬᠡᠷᠡᠭ ᠭᠠᠷᠤᠭᠰᠠᠨ ᠦᠭᠡᠢ ᠃ ᠭᠤᠷᠪᠠ ᠳᠤ ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ ᠃ ︽ᠤᠰᠤᠨ ᠠᠰᠢᠭᠯᠠᠯᠲᠠ ᠶᠢᠨ ᠬᠦᠷᠢᠶᠡᠨ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡᠨ ᠤ ᠠᠵᠢᠯ ᠤᠨ ᠲᠥᠰᠦᠯ︾ ᠪᠠ ︽ᠲᠥᠷᠥᠯ ᠵᠦᠢᠯ ᠢ ᠬᠢᠨᠠᠨ ᠵᠥᠪᠰᠢᠶᠡᠷᠡᠬᠦ ᠶᠢᠨ ︿ᠤᠳᠠᠭᠠᠨ﹀ ᠢ ᠲᠠᠶᠢᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ︾ ᠶᠢ ᠲᠣᠭᠲᠠᠭᠠᠵᠤ ᠂ ᠠᠶᠢᠮᠠᠭ ᠬᠤᠲᠠ ᠠᠯᠤᠰᠯᠠᠭᠰᠠᠨ ᠠᠴᠠ ᠭᠠᠳᠠᠨᠠᠬᠢ ᠳᠤᠮᠳᠠ ᠪᠠᠭ᠎ᠠ ᠭᠤᠤᠯ ᠮᠥᠷᠡᠨ ᠢ ᠵᠠᠰᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠬᠢᠨᠠᠨ ᠵᠥᠪᠰᠢᠶᠡᠷᠡᠯ ᠢ ᠠᠶᠢᠮᠠᠭ ᠬᠤᠲᠠ ᠳᠤ ᠪᠠᠭᠤᠯᠭᠠᠨ ᠬᠡᠷᠡᠭᠵᠢᠭᠦᠯᠵᠦ ᠂ ᠦᠶᠡᠷ ᠤᠨ ᠤᠰᠤᠨ ᠤ ᠨᠥᠯᠥᠭᠡ ᠶᠢ ᠦᠨᠡᠯᠡᠬᠦ ᠲᠥᠷᠥᠯ ᠤᠨ ᠬᠢᠨᠠᠨ ᠵᠥᠪᠰᠢᠶᠡᠷᠡᠬᠦ ᠂ ᠤᠰᠤᠨ ᠠᠰᠢᠭᠯᠠᠯᠲᠠ ᠶᠢᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ 8 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ ᠂ ᠳᠤᠮᠳᠠᠴᠢ ᠪᠠᠷ 6 ᠠᠵᠢᠯᠯᠠᠬᠤ ᠬᠤᠭᠤᠴᠠᠭ᠎ᠠ ᠶᠢ ᠪᠣᠭᠤᠨᠢᠰᠬᠠᠵᠤ ᠂ ᠬᠠᠮᠤᠭ ᠤᠨ ᠣᠷᠳᠣ ᠬᠤᠭᠤᠴᠠᠭ᠎ᠠ ᠶᠢ 10 ᠠᠵᠢᠯᠯᠠᠬᠤ ᠡᠳᠦᠷ ᠪᠤᠭᠤᠨᠢᠰᠬᠠᠪᠠ ᠃ ᠪᠥᠬᠦ ᠣᠷᠣᠨ ᠤ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠵᠦ ᠂ 179 ᠵᠦᠢᠯ ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ 61 ᠵᠦᠢᠯ ᠢ ᠨᠠᠶᠢᠷᠠᠭᠤᠯᠤᠨ ᠵᠣᠬᠢᠶᠠᠵᠤ ᠨᠡᠶᠢᠲᠡᠯᠡᠨ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠰᠢᠰᠲ᠋ᠧᠮ ᠵᠢᠩᠬᠢᠨᠢ ᠪᠠᠷ ᠠᠰᠢᠭᠯᠠᠯᠲᠠ ᠳᠤ ᠣᠷᠣᠪᠠ ᠃ ︽ᠬᠤᠣᠰ ᠲᠤᠬᠢᠶᠠᠯᠳᠤᠮᠵᠢ ᠨᠢᠭᠡ       ᠢᠯᠡ︾ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠲᠣᠭᠲᠠᠴᠠ ᠶᠢ ᠴᠢᠩᠭᠠᠷᠠᠭᠤᠯᠵᠤ ᠂ 10 ᠦᠢᠯᠡᠳᠪᠦᠷᠢᠯᠡᠯ ᠤᠨ ᠠᠵᠤ ᠠᠬᠤᠶᠢᠯᠠᠯ ᠪᠠ 7 ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠢ ᠂ ᠬᠥᠬᠡᠭᠴᠢᠨ ᠲᠠᠰ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠨᠢᠭᠡᠴᠢ ᠳᠤ ︽ᠬᠤᠣᠰ ᠲᠤᠬᠢᠶᠠᠯᠳᠤᠮᠵᠢ ᠨᠢᠭᠡ ᠢᠯᠡ︾ ᠶᠢᠨ ᠬᠢᠨᠠᠯᠲᠠ ᠪᠠᠶᠢᠴᠠᠭᠠᠯᠲᠠ ᠶᠢ ᠦᠷᠨᠢᠭᠦᠯᠦᠭᠰᠡᠨ ᠪᠠᠶᠢᠨ᠎ᠠ ᠃  ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠲᠠᠪᠴᠠᠩ ᠨᠢ ᠠᠵᠢᠯ ᠡᠷᠭᠢᠯᠡᠭᠰᠡᠳ ᠤᠨ 36283 ᠠᠵᠤ ᠠᠬᠤᠶᠢᠯᠠᠯ ᠂ ᠠᠵᠢᠯ ᠡᠷᠭᠢᠯᠡᠭᠰᠡᠳ ᠤᠨ ᠮᠡᠳᠡᠭᠡ ᠵᠠᠩᠭᠢ ᠶᠢ 345642 ᠵᠤᠷᠪᠤᠰ ᠴᠤᠭᠯᠠᠭᠤᠯᠵᠤ ᠂ 91 ᠵᠦᠢᠯ ᠤᠨ ᠢᠨᠵᠧᠨᠧᠷᠢᠩ ᠤᠨ ᠲᠥᠷᠥᠯ ᠵᠦᠢᠯ ᠢ ᠵᠠᠷᠯᠠᠨ ᠨᠡᠶᠢᠲᠡᠯᠡᠵᠦ ᠂ ᠦᠨᠡᠨᠴᠢ ᠢᠲᠡᠭᠡᠮᠵᠢ ᠶᠢᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠡᠷ ᠢ ᠪᠠᠨ ᠱᠠᠭᠠᠷᠳᠠᠵᠤ ᠵᠢᠷᠤᠮᠵᠢᠭᠤᠯᠤᠨ ᠡᠵᠡᠩᠨᠡᠬᠦ ᠶᠢ ᠬᠥᠲᠥᠯᠦᠨ ᠵᠢᠯᠣᠭᠤᠳᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠤᠰᠤ ᠠᠪᠴᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢ ᠦᠨᠡᠯᠡᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠵᠤ ᠂ ᠤᠰᠤ ᠠᠪᠴᠤ ᠬᠡᠷᠡᠭᠯᠡᠬᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ ᠃ ᠤᠰᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠵᠤ ᠂ ᠤᠰᠤ ᠠᠪᠬᠤ ᠵᠥᠪᠰᠢᠶᠡᠷᠡᠯ ᠂ ᠦᠶᠡᠷ ᠤᠨ ᠤᠰᠤ ᠶᠢ ᠦᠨᠡᠯᠡᠬᠦ ᠲᠦᠷᠦᠯ ᠤᠨ ᠬᠢᠨᠠᠨ ᠵᠥᠪᠰᠢᠶᠡᠷᠡᠯ ᠵᠡᠷᠭᠡ 15 ᠵᠦᠢᠯᠡᠰ ᠢ ᠪᠦᠬᠦ ᠣᠷᠣᠨ ᠳᠤ ᠣᠨᠳᠣᠣ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠨ ᠭᠠᠵᠠᠷ ᠭᠦᠶᠦᠬᠦ ᠂ ᠪᠤᠴᠠᠵᠤ ᠭᠦᠶᠦᠬᠦ ᠠᠰᠠᠭᠤᠳᠠᠯ ᠢ ᠰᠢᠢᠳᠪᠦᠷᠢᠯᠡᠪᠡ ᠃ ᠤᠰᠤᠨ ᠠᠰᠢᠭᠯᠠᠯᠲᠠ ᠶᠢᠨ ᠢᠨᠵᠧᠨᠧᠷᠢᠩ  ᠤᠨ ᠠᠵᠢᠯ ᠳᠠᠭᠤᠰᠤᠭᠰᠠᠨ ᠢ ᠰᠢᠯᠭᠠᠨ ᠠᠪᠬᠤ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠳᠥᠯᠭᠢᠨ ᠠᠬᠢᠭᠤᠯᠵᠤ ᠂ ᠰᠢᠯᠭᠠᠨ ᠠᠪᠴᠤ ᠮᠡᠳᠡᠭᠦᠯᠦᠨ ᠳᠠᠩᠰᠠᠯᠠᠭᠤᠯᠬᠤ ᠂ ᠲᠤᠰᠬᠠᠶ ᠵᠦᠢᠯ ᠢᠶᠠᠷ ᠰᠢᠯᠭᠠᠨ ᠠᠪᠬᠤ ᠪᠠ ᠠᠵᠢᠯ ᠳᠠᠭᠤᠰᠤᠭᠰᠠᠨ ᠢ ᠰᠢᠯᠭᠠᠨ ᠠᠪᠬᠤ ᠵᠦᠢᠯᠡᠰ ᠢ ︽ᠨᠢᠭᠡ ᠶᠠᠪᠤᠳᠠᠯ︾ ᠪᠣᠯᠭᠠᠨ ᠡᠮᠬᠢᠯᠡᠨ ᠨᠡᠶᠢᠯᠡᠭᠦᠯᠵᠦ ᠂ ︽ᠨᠢᠭᠡ ᠤᠳᠠᠭ᠎ᠠ ᠳᠤ ᠭᠤᠶᠤᠴᠢᠯᠠᠬᠤ ᠂ ᠨᠡᠶᠢᠯᠡᠭᠦᠯᠦᠨ ᠬᠠᠮᠲᠤᠷᠠᠨ ᠭᠦᠢᠴᠡᠳᠬᠡᠬᠦ ᠂ ᠬᠠᠮᠲᠤᠷᠠᠨ ᠰᠢᠯᠭᠠᠨ ᠠᠪᠬᠤ︾ ᠶᠢ ᠬᠡᠷᠡᠭᠵᠢᠭᠦᠯᠦᠨ ᠂ ︽ᠨᠢᠭᠡ ᠶᠠᠪᠤᠳᠠᠯ︾ ᠤᠨ ᠰᠢᠰᠲ᠋ᠧᠮ ᠢ ᠵᠢᠩᠬᠢᠨᠢ ᠪᠠᠷ ᠠᠵᠢᠯᠯᠠᠭᠤᠯᠬᠤ ᠶᠢᠨ ᠬᠠᠮᠲᠤ ᠪᠣᠳᠠᠲᠠᠶ ᠤᠴᠢᠷ ᠶᠠᠪᠤᠳᠠᠯ ᠢ ᠪᠣᠶ ᠪᠣᠯᠭᠠᠨ᠎ᠠ ᠃ ᠪᠥᠬᠦ ᠵᠢᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 3688 ᠬᠤᠪᠢ ᠭᠦᠢᠴᠡᠳᠬᠡᠵᠦ ᠂ ᠪᠥᠬᠦ ᠵᠢᠯ ᠤᠨ ︽ᠰᠠᠶᠢᠨ ᠮᠠᠭᠤ ᠦᠨᠡᠯᠡᠯᠲᠡ︾ ᠶᠢᠨ ᠶᠡᠷᠦᠩᠬᠡᠢ ᠲᠤᠭ᠎ᠠ ᠨᠢ 1299 ᠬᠤᠪᠢ ᠪᠠᠶᠢᠵᠤ ᠂ ᠰᠠᠶᠢᠨ ᠦᠨᠡᠯᠡᠯᠲᠡ ᠶᠢᠨ ᠨᠣᠷᠮ᠎ᠠ ᠨᠢ 100 % ᠳᠤ ᠬᠦᠷᠴᠡᠢ ᠃  ᠭᠤᠷᠪᠠ ᠂ ᠤᠰᠤᠨ ᠤ ᠬᠠᠤᠯᠢ ᠲᠣᠭᠲᠠᠭᠠᠯ ᠤᠨ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠪᠡ  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠤᠰᠤ ᠬᠦᠷᠦᠰᠦ ᠶᠢ ᠬᠠᠮᠠᠭᠠᠯᠠᠬᠤ ᠲᠦᠷᠢᠮ ᠂ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ ᠳᠤ ᠵᠠᠰᠠᠪᠤᠷᠢ ᠣᠷᠣᠭᠤᠯᠬᠤ ᠠᠵᠢᠯ ᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠨ ᠬᠡᠷᠡᠭᠯᠡᠬᠦ ᠲᠦᠷᠢᠮ ᠳᠤ ᠵᠠᠰᠠᠪᠤᠷᠢ ᠣᠷᠣᠭᠤᠯᠬᠤ ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠦᠷᠨᠢᠭᠦᠯᠪᠡ ᠃ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠷᠢᠮᠵᠢᠶᠠᠯᠠᠨ ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠢ ᠪᠦᠷᠢᠨᠰᠢᠬᠦᠯᠵᠦ ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠵᠤ ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠢ ᠲᠥᠯᠥᠬᠦ ᠵᠢᠯᠣᠭᠤᠳᠣᠯᠭ᠎ᠠ ᠂ ᠤᠰᠤᠨ ᠴᠥᠭᠦᠷᠥᠮ ᠤᠨ ᠣᠷᠣᠨ ᠤ ᠬᠠᠮᠢᠶᠠᠷᠤᠯᠲᠠ ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠂ ᠤᠰᠤᠨ ᠠᠰᠢᠭᠯᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠠᠯᠢ ᠣᠯᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠲᠦᠷᠢᠮ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ ᠃ ᠤᠰᠤᠨ ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠡᠷᠴᠢᠮ ᠢ ᠴᠢᠩᠭᠠᠷᠠᠭᠤᠯᠵᠤ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠬᠠᠤᠯᠢ ᠪᠠᠷ ᠵᠠᠰᠠᠬᠤ ᠰᠤᠳᠤᠯᠭᠠᠨ︾ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠢᠯ ᠳᠤ ᠣᠷᠣᠭᠤᠯᠵᠤ ᠂ ︽ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠬᠠᠤᠯᠢ ᠪᠠᠷ ᠵᠠᠰᠠᠬᠤ ᠰᠤᠳᠤᠯᠭᠠᠨ︾ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠰᠤᠳᠤᠯᠭᠠᠨ︾ ᠤ ᠰᠡᠳᠦᠪ ᠤᠨ ᠦᠷ᠎ᠡ ᠪᠦᠲᠦᠭᠡᠯ ᠢ ᠤᠷᠤᠭᠰᠢᠲᠠᠶ ᠳᠠᠭᠤᠰᠬᠠᠪᠠ ᠃  ᠳᠥᠷᠪᠡ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ  ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ︽ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠬᠤᠶ ᠪᠠᠶᠢᠳᠠᠯ ᠳᠣᠤᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠤᠯᠪᠣᠭᠠᠯᠠᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ︽ᠬᠠᠪᠤᠷ ᠤᠨ ᠤᠯᠠᠷᠢᠯ︾ ᠂ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠦ ᠂ ᠰᠤᠩᠭᠠᠷᠢ ᠮᠥᠷᠡᠨ ᠪᠤᠯᠤᠨ ᠯᠢᠶᠤᠤᠾᠧ ᠭᠤᠤᠯ  ᠤᠨ ᠵᠦᠪᠯᠡᠯ ᠲᠠᠢ ᠬᠤᠯᠪᠣᠭᠠᠯᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠤᠰᠬᠠᠶ ᠵᠦᠢᠯ ᠤᠨ ᠠᠵᠢᠯᠯᠠᠭ᠎ᠠ ᠥᠷᠨᠢᠭᠦᠯᠵᠦ ᠂ ᠪᠥᠬᠦ ᠣᠷᠣᠨ ᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠭᠡᠳ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭᠠᠨ ᠤ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ᠃ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠤᠨ ᠵᠠᠳᠠᠯᠵᠤ ᠨᠡᠶᠢᠲᠡᠯᠡᠬᠦ ᠲᠦᠷᠢᠮ ᠢ ᠳᠠᠷᠤᠮᠠᠯᠯᠠᠨ ᠲᠠᠷᠬᠠᠭᠠᠵᠤ ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠲᠤᠰᠠᠯᠠᠬᠤ ᠰᠢᠰᠲ᠋ᠧᠮ ᠢ ᠪᠠᠶᠢᠭᠤᠯᠵᠤ ᠂ ᠪᠥᠬᠦ ᠤᠯᠤᠰ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠂ ᠬᠠᠤᠯᠢ ᠬᠡᠷᠡᠭᠵᠢᠭᠦᠯᠬᠦ ᠦᠨᠳᠦᠰᠦᠯᠡᠯ ᠂ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠵᠢᠷᠤᠮᠵᠢᠭᠰᠠᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠵᠤ ᠂ ᠤᠰᠤᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠠᠭᠤᠯᠭ᠎ᠠ ᠶᠢ ᠰᠢᠭᠢᠳᠬᠡᠵᠦ ᠂ ᠬᠠᠤᠯᠢ ᠬᠡᠷᠡᠭᠵᠢᠭᠦᠯᠬᠦ ᠠᠵᠢᠯᠲᠠᠨ ᠳᠤ ᠨᠠᠷᠢᠯᠢᠭ ᠣᠨᠣᠴᠠᠲᠠᠶ ᠵᠢᠯᠣᠭᠤᠳᠤᠮᠵᠢ ᠬᠠᠩᠭᠠᠨ᠎ᠠ ᠃ ᠤᠰᠤᠨ ᠤ ᠡᠬᠢ ᠪᠠᠶᠠᠯᠢᠭ ᠠᠮᠢ ᠠᠬᠤᠶ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ ᠢᠨᠵᠧᠨᠧᠷᠢᠩ ᠤᠨ ᠠᠮᠤᠷ ᠲᠦᠪᠰᠢᠨ ᠵᠢᠴᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠪᠥᠬᠦ ᠵᠢᠯ ᠳᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 20.2 ᠲᠦᠮᠡᠨ ᠺᠢᠯᠤᠮᠧᠲᠷ ᠤᠨ ᠭᠤᠣᠯ ᠤᠨ ᠵᠠᠮ ᠢ ᠲᠣᠭᠤᠷᠢᠨ ᠪᠠᠶᠢᠴᠠᠭᠠᠵᠤ ᠂ ᠤᠰᠤᠨ ᠣᠷᠣᠨ ᠤ ᠲᠠᠯᠠᠪᠠᠶ ᠶᠢ 16.4 ᠲᠦᠮᠡᠨ ᠲᠡᠭᠰᠢ ᠳᠥᠷᠪᠡᠯᠵᠢᠨ ᠺᠢᠯᠤᠮᠧᠲᠷ ᠲᠣᠭᠤᠷᠢᠨ ᠪᠠᠶᠢᠴᠠᠭᠠᠵᠤ ᠂ ᠬᠠᠤᠯᠢ ᠬᠡᠷᠡᠭᠵᠢᠭᠦᠯᠬᠦ ᠠᠵᠢᠯᠲᠠᠨ ᠢ 7.1 ᠲᠦᠮᠡᠨ ᠬᠥᠮᠦᠨ ᠤᠳᠠᠭ᠎ᠠ ᠬᠥᠳᠡᠯᠭᠡᠵᠦ ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ 1.5 ᠲᠦᠮᠡᠨ ᠬᠥᠮᠦᠨ ᠤᠳᠠᠭ᠎ᠠ ᠬᠥᠳᠡᠯᠭᠡᠵᠦ ᠂ ᠬᠠᠤᠯᠢ ᠠᠴᠠ ᠵᠥᠷᠢᠴᠡᠭᠰᠡᠨ 325 ᠬᠡᠷᠡᠭ ᠢ ᠲᠤᠬᠠᠶ ᠶᠢᠨ ᠲᠠᠯᠠᠪᠠᠶ ᠳᠤ ᠬᠤᠷᠢᠭᠯᠠᠨ ᠵᠣᠭᠰᠣᠭᠠᠵᠤ ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ 325 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ ᠂ 2384 ᠲᠦᠮᠡᠨ ᠲᠥᠭᠦᠷᠢᠭ ᠤᠨ ᠬᠠᠤᠯᠢ ᠪᠤᠰᠤ ᠣᠯᠵᠠᠪᠤᠷᠢ ᠶᠢ ᠬᠤᠷᠢᠶᠠᠨ ᠠᠪᠴᠤ ᠂ ᠰᠠᠶᠢᠨ ᠰᠠᠶᠢᠬᠠᠨ ᠤᠰᠤᠨ ᠤ ᠶᠠᠪᠤᠳᠠᠯ ᠤᠨ ᠡᠮᠬᠢ ᠳᠢᠭᠯᠢᠮ ᠢ ᠬᠦᠴᠦᠲᠡᠶ ᠬᠠᠮᠠᠭᠠᠯᠠᠪᠠ ᠃  ᠲᠠᠪᠤ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠪᠠ  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠬᠤ ᠺᠠᠳ᠋ᠷ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠵᠤ ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ ᠂ ᠤᠰᠤ ᠶᠢ ᠠᠷᠪᠢᠯᠠᠨ ᠬᠡᠷᠡᠭᠯᠡᠬᠦ ᠲᠦᠷᠢᠮ ᠤᠨ ᠰᠦᠯᠵᠢᠶᠡᠨ ᠤ ᠰᠡᠳᠦᠪ ᠬᠠᠷᠢᠭᠤᠯᠬᠤ ᠪᠠ ᠰᠦᠯᠵᠢᠶᠡᠨ ᠳᠡᠭᠡᠷ᠎ᠡ ᠸᠢᠳᠢᠤ᠋ ᠪᠠᠷ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠪᠡ ᠃ ︽ᠳᠡᠯᠡᠬᠡᠶ ᠶᠢᠨ ᠤᠰᠤᠨ ᠤ ᠡᠳᠦᠷ︾ ᠂ ︽ᠳᠤᠮᠳᠠᠳᠤ ᠤᠯᠤᠰ ᠤᠨ ᠤᠰᠤᠨ ᠤ ᠭᠠᠷᠠᠭ︾ ᠂ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠂ ᠥᠪᠥᠷ ᠮᠣᠩᠭᠤᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠦᠴᠤᠸᠠᠨ ᠰᠢᠶᠠᠨ ᠂ ᠲᠦᠮᠡᠳ ᠪᠠᠷᠠᠭᠤᠨ ᠬᠤᠰᠢᠭᠤ ᠂ ᠤᠯᠠᠭᠠᠨᠴᠠᠪ ᠬᠤᠲᠠ ᠶᠢᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠂ ᠤᠰᠤ ᠶᠢ ᠠᠷᠪᠢᠯᠠᠨ ᠬᠡᠷᠡᠭᠯᠡᠬᠦ ᠲᠦᠷᠢᠮ ᠵᠢᠴᠢ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠪᠡ ᠃ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠭᠦᠨᠵᠡᠭᠡᠶ ᠬᠠᠮᠲᠤᠷᠠᠯᠴᠠᠵᠤ ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠰᠣᠨᠢᠨ ᠮᠡᠳᠡᠭᠡᠨ ᠤ ᠨᠢᠭᠡᠴᠢ ᠪᠣᠯᠤᠨ ᠥᠪᠡᠷᠲᠡᠭᠡᠨ ᠵᠠᠰᠠᠬᠤ ᠣᠷᠣᠨ ᠤ ᠭᠤᠤᠯ ᠵᠠᠭᠤᠴᠢᠯᠠᠭᠤᠷ ᠯᠤᠭ᠎ᠠ ᠵᠣᠬᠢᠴᠠᠭᠤᠯᠤᠨ 90 ᠭᠠᠷᠤᠶ ᠤᠬᠠᠭᠤᠯᠭ᠎ᠠ ᠶᠢᠨ ᠡᠬᠡ ᠨᠣᠤᠷᠠᠭ ᠢ ᠨᠡᠪᠲᠡᠷᠡᠭᠦᠯᠵᠦ ᠂ ᠥᠪᠥᠷ ᠮᠣᠩᠭᠤᠯ ᠤᠨ ᠡᠳᠦᠷ ᠤᠨ ᠰᠣᠨᠢᠨ ᠳᠤ ︽ᠬᠠᠤᠯᠢ ᠪᠠᠷ ᠵᠠᠰᠠᠬᠤ ᠬᠤᠷᠴᠠ ᠰᠡᠯᠡᠮ᠎ᠡ ᠪᠠᠷ ᠡᠬᠡ ᠤᠯᠤᠰ ᠤᠨ ᠤᠮᠠᠷᠠᠲᠤ ᠶᠢᠨ ᠤᠰᠤᠨ ᠤ ᠠᠮᠤᠷ ᠲᠦᠪᠰᠢᠨ ᠢ ᠬᠠᠮᠠᠭᠠᠯᠠᠶ᠎ᠠ︾ ᠂ ︽ᠤᠰᠤᠨ ᠠᠰᠢᠭᠯᠠᠯᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ︾ ᠵᠡᠷᠭᠡ ᠭᠤᠤᠯᠳᠠᠯᠭ᠎ᠠ ᠲᠠᠢ ᠤᠬᠠᠭᠤᠯᠭ᠎ᠠ ᠶᠢᠨ ᠵᠣᠬᠢᠶᠠᠯ ᠢ ᠨᠡᠶᠢᠲᠡᠯᠡᠪᠡ ᠃ ︽ᠤᠮᠠᠷᠠᠲᠤ ᠬᠢᠯᠢ ᠶᠢᠨ ᠤᠰᠤ · ᠬᠠᠤᠯᠢ︾ ᠶᠢᠨ ᠬᠠᠤᠯᠢ ᠲᠦᠭᠡᠮᠡᠯᠵᠢᠭᠦᠯᠬᠦ ᠸᠢᠴᠠᠲ ᠤᠨ ᠵᠢᠵᠢᠭ ᠫᠷᠤᠭ᠍ᠷᠠᠮ ᠢ ᠨᠡᠭᠡᠭᠡᠨ ᠬᠥᠭᠵᠢᠭᠦᠯᠵᠦ ᠠᠰᠢᠭᠯᠠᠯᠲᠠ ᠳᠤ ᠣᠷᠣᠭᠤᠯᠵᠤ ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠳᠥᠭᠦᠮ ᠳᠥᠲᠡ ᠥᠨᠳᠥᠷ ᠪᠦᠲᠦᠮᠵᠢᠲᠡᠶ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠣᠶ ᠪᠣᠯᠭᠠᠪᠠ ᠃ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ ᠂ ᠬᠠᠲᠤᠨ ᠭᠤᠤᠯ ᠤᠨ ᠳᠡᠭᠡᠳᠦ ᠳᠤᠮᠳᠠ ᠤᠷᠤᠰᠬᠠᠯ ᠤᠨ ᠵᠠᠭᠠᠭ ᠴᠡᠭ ᠲᠤ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ ᠃ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠥᠪᠥᠷ ᠮᠣᠩᠭᠤᠯ ᠳᠤ ᠤᠷᠤᠬᠤ︾ ᠨᠢ ᠬᠤᠶᠠᠳᠤᠭᠠᠷ ᠬᠤᠭᠤᠴᠠᠭᠠᠨ ᠤ ︽ᠬᠥᠮᠦᠨ · ᠤᠰᠤ · ᠬᠠᠤᠯᠢ︾ ᠶᠢᠨ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠣᠬᠤᠷ ᠸᠢᠳᠢᠣ᠋ ᠶᠢᠨ ᠪᠦᠲᠦᠭᠡᠯ ᠢ ᠴᠤᠭᠯᠠᠭᠤᠯᠬᠤ ᠠᠵᠢᠯᠯᠠᠭ᠎ᠠ ᠶᠢᠨ ᠪᠥᠬᠦ ᠤᠯᠤᠰ ᠤᠨ ᠳᠡᠯᠭᠡᠨ ᠦᠵᠡᠭᠦᠯᠭᠡ ᠶᠢᠨ ᠪᠦᠲᠦᠭᠡᠯ ᠳᠤ ᠰᠤᠩᠭᠤᠭᠳᠠᠪᠠ ᠃ ᠤᠰᠤᠨ ᠠᠰᠢᠭᠯᠠᠯᠲᠠ ᠶᠢᠨ ︽ᠨᠠᠢᠮᠠᠨ ᠰᠠᠷ᠎ᠠ ᠶᠢᠨ ᠲᠠᠪᠤᠨ︾ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠣᠬᠤᠷ ᠸᠢᠳᠢᠣ᠋ ᠨᠢ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ︽ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ︾ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠡᠯᠰᠡᠨ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡ ᠃  2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠰᠠᠶᠢᠨ ᠰᠠᠭᠤᠷᠢ ᠶᠢ ᠲᠠᠯᠪᠢᠬᠤ ᠵᠠᠩᠭᠢᠯᠠᠭ᠎ᠠ ᠶᠢᠨ ᠵᠢᠯ ᠮᠥᠨ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠷᠢᠮᠲᠠᠯᠠᠵᠤ ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠂ ᠤᠰᠤᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠬᠠᠮᠢᠶᠠᠷᠬᠤ ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠂ ᠤᠰᠤ ᠬᠦᠷᠦᠰᠦ ᠶᠢ ᠬᠠᠮᠠᠭᠠᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠭᠡᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ ᠂ ᠬᠠᠤᠯᠢ ᠪᠠᠷ ᠵᠠᠰᠠᠬᠤ ᠵᠠᠮ ᠢᠶᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠬᠠᠭᠤᠳᠠᠰᠤ ᠶᠢ ᠪᠢᠴᠢᠭᠯᠡᠬᠦ ᠳᠤ ᠤᠰᠤᠨ ᠤ ᠠᠮᠤᠷ ᠲᠦᠪᠰᠢᠨ ᠤ ᠬᠦᠴᠦᠳᠦ ᠪᠠᠲᠤᠯᠠᠭ᠎ᠠ ᠬᠠᠩᠭᠠᠨ᠎ᠠ ᠃   
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号