ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠠᠲᠤᠨ ᠭᠤᠤᠯ ᠤᠨ ᠣᠷᠳᠣᠰ ᠤᠨ ᠬᠡᠰᠡᠭ ᠲᠤ ᠰᠥᠨᠢ ᠶᠢᠨ ᠰᠥᠩ ᠬᠠᠯᠢᠶ᠎ᠠ ᠶᠢ ᠰᠡᠷᠭᠡᠶᠢᠯᠡᠬᠦ ᠮᠦᠰᠦᠨ ᠳᠡᠭᠡᠷᠡᠬᠢ ᠪᠣᠳᠠᠲᠤ ᠳᠡᠯᠪᠡᠷᠡᠯᠲᠡ ᠶᠢᠨ ᠰᠣᠷᠢᠯᠲᠠ ᠶᠢ ᠵᠣᠬᠢᠶᠠᠨ ᠪᠠᠶᠢᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/2/28
  ᠰᠦᠩ ᠬᠠᠯᠢᠶ᠎ᠠ ᠶᠢᠨ ᠦᠶᠡᠷ ᠤᠨ ᠲᠦᠭᠰᠢᠭᠦᠷᠢᠲᠦ ᠪᠠᠶᠢᠳᠠᠯ ᠢ ᠤᠷᠢᠳᠴᠢᠯᠠᠨ ᠲᠥᠰᠦᠭᠡᠯᠡᠵᠦ ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠥᠪᠥᠷ ᠮᠣᠩᠭᠤᠯ ᠳᠤ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠂ 2 ᠳ᠋ᠤᠭᠠᠷ ᠰᠠᠷ᠎ᠠ ᠶᠢᠨ 27 ᠤ ᠡᠳᠦᠷ ᠤᠨ 19 ᠴᠠᠭ ᠲᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠬᠠᠲᠤᠨ ᠭᠤᠣᠯ ᠤᠨ ᠣᠷᠳᠣᠰ ᠬᠤᠲᠠ ᠶᠢᠨ ᠳᠠᠯᠠᠳ ᠬᠤᠰᠢᠭᠤᠨ ᠤ ᠵᠢᠤ ᠰᠢᠶᠤᠤ ᠣᠯᠣᠮ ᠤᠨ ᠠᠶᠤᠯᠲᠠᠢ ᠪᠠᠷᠢᠯᠭ᠎ᠠ ᠶᠢᠨ ᠬᠡᠰᠡᠭ ᠲᠤ ᠰᠦᠩ ᠬᠠᠯᠢᠶ᠎ᠠ ᠶᠢ ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠤᠨ ᠵᠢᠯᠣᠭᠤᠳᠪᠠ ᠃ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠂ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠤᠤ ᠶᠢᠤ ᠂ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳᠠᠯᠠᠭᠴᠢ ᠴᠧᠨ ᠵᠢᠶᠠᠨ ᠭᠤᠸᠠᠩ ᠂ ᠣᠷᠳᠣᠰ ᠬᠤᠲᠠ ᠶᠢᠨ ᠳᠡᠳ᠋ ᠳᠠᠷᠤᠭ᠎ᠠ ᠵᠢᠷᠤᠮᠲᠤ ᠵᠡᠷᠭᠡ ᠲᠤᠬᠠᠶ ᠶᠢᠨ ᠲᠠᠯᠠᠪᠠᠶ ᠳᠤ ᠲᠣᠭᠤᠷᠢᠨ ᠦᠵᠡᠵᠦ ᠰᠣᠷᠢᠯᠲᠠ ᠶᠢ ᠵᠢᠭᠠᠨ ᠵᠢᠯᠣᠭᠤᠳᠪᠠ ᠃  ᠲᠣᠰ ᠤᠳᠠᠭᠠᠨ ᠤ ᠰᠣᠷᠢᠯᠲᠠ ᠶᠢ ᠣᠷᠳᠣᠰ ᠬᠤᠲᠠ ᠂ ᠳᠠᠯᠠᠳ ᠬᠤᠰᠢᠭᠤᠨ ᠤ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠨ ᠣᠷᠣᠯᠴᠠᠵᠤ ᠂ ᠬᠠᠲᠤᠨ ᠭᠤᠤᠯ ᠤᠨ ᠭᠤᠤᠯ ᠨᠡᠭᠡᠭᠡᠬᠦ ᠵᠠᠩᠭᠢᠯᠠᠭ᠎ᠠ ᠶᠢᠨ ᠬᠤᠭᠤᠴᠠᠭᠠᠨ ᠤ ᠬᠠᠯᠢᠶ᠎ᠠ ᠦᠶᠡᠷ ᠤᠨ ᠠᠶᠤᠯ ᠲᠦᠭᠰᠢᠭᠦᠷᠢ ᠶᠢ ᠠᠷᠭᠠᠴᠠᠭᠠᠵᠤ ᠂ ᠬᠤᠶᠠᠷ ᠡᠷᠭᠢ ᠶᠢᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ ᠃  ᠣᠳᠣᠬᠠᠨ ᠳᠤ ᠂ ᠬᠠᠲᠤᠨ ᠭᠤᠤᠯ ᠤᠨ ᠣᠷᠳᠣᠰ ᠲᠠᠬᠢ ᠬᠡᠰᠡᠭ ᠨᠢ ᠶᠠᠭ ᠰᠠᠶᠢᠬᠠᠨ ᠭᠤᠤᠯ ᠨᠡᠭᠡᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ ᠂ ᠳᠡᠭᠡᠳᠦ ᠤᠷᠤᠰᠬᠠᠯ ᠤᠨ ᠬᠠᠯᠢᠶ᠎ᠠ ᠣᠯᠠᠰᠢᠷᠠᠵᠤ ᠂ ᠭᠤᠤᠯ ᠤᠨ ᠵᠠᠮ ᠳᠣᠲᠣᠷ᠎ᠠ ᠮᠥᠰᠥ ᠤᠪᠤᠭᠠᠷᠠᠨ ᠮᠥᠰᠥ ᠬᠤᠷᠠᠵᠦ ᠂ ᠬᠠᠰᠢᠯᠭ᠎ᠠ ᠳᠠᠯᠠᠩ ᠤᠨ ᠤᠰᠤᠨ ᠳᠤ ᠣᠷᠣᠬᠤ ᠬᠡᠰᠡᠭ ᠨᠢ ᠨᠡᠮᠡᠭᠳᠡᠵᠦ ᠂ ᠮᠥᠰᠥᠨ ᠬᠡᠰᠡᠭ ᠨᠢ ᠭᠤᠣᠯ ᠤᠨ ᠵᠠᠮ ᠳᠣᠲᠣᠷ᠎ᠠ ᠣᠪᠣᠭᠠᠷᠠᠭᠠᠳ ᠮᠥᠰᠥᠨ ᠬᠠᠰᠢᠯᠭ᠎ᠠ ᠪᠣᠯᠵᠤ ᠂ ᠤᠰᠤ ᠣᠷᠭᠢᠯᠬᠤ ᠳᠠᠯᠳᠠ ᠠᠶᠤᠯ ᠣᠷᠣᠰᠢᠵᠤ ᠪᠠᠶᠢᠨ᠎ᠠ ᠃ ᠰᠦᠩ ᠬᠠᠯᠢᠶ᠎ᠠ ᠶᠢ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ ᠂ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ ᠣᠷᠳᠣᠰ ᠬᠤᠲᠠ ᠰᠦᠩ ᠬᠠᠯᠢᠶ᠎ᠠ ᠶᠢ ᠰᠡᠷᠭᠡᠶᠢᠯᠡᠬᠦ ᠮᠦᠰᠦᠨ ᠳᠡᠭᠡᠷᠡᠬᠢ ᠰᠦᠨᠢ ᠶᠢᠨ ᠪᠣᠳᠠᠲᠤ ᠳᠡᠯᠪᠡᠷᠡᠯᠲᠡ ᠶᠢᠨ ᠰᠣᠷᠢᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠪᠠ ᠃ ᠬᠠᠲᠤᠨ ᠭᠤᠤᠯ ᠤᠨ ᠳᠠᠯᠠᠳ ᠤᠨ ᠵᠢᠤ ᠰᠢᠶᠤᠤ ᠣᠯᠣᠮ ᠤᠨ ᠠᠶᠤᠯᠲᠠᠶ ᠪᠠᠷᠢᠯᠭ᠎ᠠ ᠶᠢᠨ ᠬᠡᠰᠡᠭ ᠨᠢ ᠮᠥᠰᠥᠨ ᠳᠠᠪᠬᠤᠷᠭ᠎ᠠ ᠶᠢᠨ ᠬᠠᠮᠤᠭ ᠤᠨ ᠵᠤᠵᠠᠭᠠᠨ ᠣᠭᠲᠣᠯᠤᠭᠠᠰᠤ ᠶᠢᠨ ᠳᠣᠤᠷᠠᠳᠤ ᠤᠷᠤᠰᠬᠠᠯ ᠤᠨ 8 ᠺᠢᠯᠤᠮᠧᠲᠷ ᠲᠤ ᠪᠠᠶᠢᠵᠤ ᠂ ᠳᠡᠭᠡᠳᠦ ᠳᠣᠣᠷᠠᠳᠤ ᠤᠷᠤᠰᠬᠠᠯ ᠤᠨ ᠬᠡᠰᠡᠭ ᠲᠤ ᠴᠡᠪᠡᠷ ᠭᠤᠸ ᠦᠭᠡᠢ ᠂ ᠪᠢᠲᠡᠭᠦᠮᠵᠢᠯᠡᠭᠰᠡᠨ ᠭᠤᠣᠯ ᠤᠨ ᠨᠢᠭᠤᠷ ᠨᠢ ᠣᠷᠳᠣ ᠂ ᠭᠤᠣᠯ ᠤᠨ ᠵᠠᠮ ᠨᠢ ᠢᠪᠴᠤᠤ ᠪᠣᠯᠵᠤ ᠂ ᠮᠥᠰᠥᠨ ᠳᠤ ᠠᠮᠠᠷᠬᠠᠨ ᠬᠠᠰᠢᠯᠭ᠎ᠠ ᠲᠠᠢ ᠪᠣᠯᠵᠤ ᠂ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠲᠠᠢ ᠣᠷᠣᠨ ᠪᠣᠯᠣᠨ᠎ᠠ ᠃  ᠰᠣᠷᠢᠯᠲᠠ ᠡᠬᠢᠯᠡᠬᠦ ᠠᠴᠠ ᠡᠮᠦᠨ᠎ᠡ ᠂ ᠳᠠᠯᠠᠳ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠳᠠᠭᠤᠷᠢᠶᠠᠮᠠᠯ ᠠᠶᠤᠯ ᠲᠦᠭᠰᠢᠭᠦᠷᠢ ᠶᠢ ᠵᠠᠷᠯᠠᠨ ᠮᠡᠳᠡᠭᠳᠡᠵᠦ ᠂ 2 ᠳ᠋ᠤᠭᠠᠷ ᠰᠠᠷ᠎ᠠ ᠶᠢᠨ 20 ᠤ ᠡᠳᠦᠷ ᠠᠴᠠ ᠨᠠᠭᠠᠰᠢ ᠂ ᠬᠠᠲᠤᠨ ᠭᠤᠤᠯ ᠤᠨ ᠭᠤᠤᠯ ᠨᠡᠭᠡᠭᠡᠬᠦ ᠬᠤᠷᠳᠤᠴᠠ ᠲᠦᠷᠭᠡᠳᠴᠦ ᠂ ᠵᠢᠦ ᠰᠢᠶᠣᠤ ᠤᠯᠤᠮ ᠤᠨ ᠬᠡᠰᠡᠭ ᠲᠠᠬᠢ ᠤᠰᠤ ᠢᠳᠡᠬᠦ ᠬᠡᠮᠵᠢᠶ᠎ᠡ ᠬᠠᠮᠤᠭ ᠤᠨ ᠭᠦᠨ ᠳᠤ ᠪᠠᠨ 1.6 ᠮᠧᠲᠷ ᠬᠦᠷᠴᠦ ᠂ ᠤᠰᠤᠨ ᠲᠦᠪᠰᠢᠨ ᠤ ᠵᠥᠷᠢᠶ᠎ᠡ ᠶᠡᠭᠡ ᠪᠠᠶᠢᠵᠤ ᠂ ᠳᠣᠲᠣᠭᠠᠳᠤ ᠭᠠᠳᠠᠭᠠᠳᠤ ᠶᠢᠨ ᠵᠥᠷᠢᠶ᠎ᠡ ᠶᠢ ᠳᠤᠮᠳᠠᠴᠢ ᠪᠠᠷ 1.9 ᠮᠧᠲᠷ ᠣᠷᠴᠢᠮ ᠪᠠᠶᠢᠯᠭᠠᠵᠤ ᠂ ᠨᠡᠪᠴᠢᠵᠦ ᠭᠤᠭᠤᠵᠢᠬᠤ ᠨᠢ ᠬᠦᠨᠳᠦ ᠨᠣᠴᠢᠲᠠᠢ ᠪᠣᠯᠵᠠᠢ ᠃ ᠣᠶᠢᠷ᠎ᠠ ᠳᠤ ᠠᠭᠠᠷ ᠤᠨ ᠳᠤᠯᠠᠭᠠᠨ ᠦᠷᠭᠦᠯᠵᠢᠯᠡᠨ ᠳᠡᠭᠡᠭᠰᠢᠯᠡᠬᠦ ᠶᠢ ᠳᠠᠭᠠᠯᠳᠤᠨ ᠂ ᠳᠡᠭᠡᠳᠦ ᠤᠷᠤᠰᠬᠠᠯ ᠤᠨ ᠭᠤᠤᠯ ᠤᠨ ᠬᠡᠰᠡᠭ ᠤᠨ ᠮᠥᠰᠥ ᠬᠥᠯᠳᠡᠭᠰᠡᠨ ᠪᠠᠶᠢᠳᠠᠯ ᠢᠯᠡᠷᠡᠵᠦ ᠂ ᠮᠥᠰᠥ ᠬᠥᠯᠳᠡᠭᠰᠡᠨ ᠬᠠᠰᠢᠯᠭ᠎ᠠ ᠶᠢᠨ ᠲᠦᠭᠰᠢᠭᠦᠷᠢ ᠬᠡᠴᠡᠭᠦᠳᠡᠵᠦ ᠪᠠᠶᠢᠨ᠎ᠠ ᠃ ᠡᠶᠢᠮᠦ ᠠᠴᠠ ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠷᠦᠬᠡ ᠶᠢᠨ ᠴᠡᠷᠢᠭ ᠤᠨ ᠮᠦᠰᠦᠨ ᠳᠡᠭᠡᠷᠡᠬᠢ ᠳᠡᠯᠪᠡᠴᠢᠯᠲᠡ ᠶᠢᠨ ᠰᠠᠯᠪᠤᠷᠢ ᠠᠩᠭᠢ ᠠᠴᠠ ᠮᠥᠰᠥ ᠬᠠᠰᠢᠬᠤ ᠬᠠᠰᠢᠯᠭ᠎ᠠ ᠶᠢᠨ ᠬᠡᠰᠡᠭ ᠲᠤ ᠪᠣᠳᠠᠲᠠᠶ ᠳᠡᠯᠪᠡᠷᠡᠯᠲᠡ ᠬᠢᠵᠦ ᠂ ᠭᠤᠤᠯ ᠤᠨ ᠵᠠᠮ ᠢ ᠨᠡᠪᠲᠡᠷᠡᠭᠦᠯᠵᠦ ᠂ ᠲᠦᠭᠰᠢᠭᠦᠷᠢᠲᠦ ᠪᠠᠶᠢᠳᠠᠯ ᠢ ᠨᠠᠮᠳᠠᠭᠤᠯᠬᠤ ᠪᠠᠷ ᠵᠦᠪᠳᠡᠯᠴᠡᠨ ᠲᠤᠭᠲᠠᠪᠠ ᠃  ᠳᠡᠯᠪᠡᠴᠢᠬᠦ ᠲᠤᠬᠠᠶ ᠶᠢᠨ ᠲᠠᠯᠠᠪᠠᠶ ᠳᠤ ᠂ ᠡᠷᠦᠬᠡ ᠶᠢᠨ ᠴᠡᠷᠢᠭ ᠤᠨ ᠳᠡᠯᠪᠡᠴᠡᠬᠦ ᠬᠤᠪᠢᠶᠠᠷᠢ ᠠᠩᠭᠢ ᠵᠢᠯᠣᠭᠤᠴᠢ ᠥᠬᠡᠶ ᠨᠢᠰᠬᠡᠯ ᠢᠶᠠᠷ ᠭᠤᠤᠯ ᠤᠨ ᠬᠡᠰᠡᠭ ᠤᠨ ᠮᠥᠰᠥᠲᠦᠯᠭᠡ ᠶᠢᠨ ᠬᠠᠰᠢᠯᠭ᠎ᠠ ᠶᠢᠨ ᠥᠷᠭᠡᠨ ᠂ ᠤᠷᠤᠰᠬᠠᠯ ᠤᠨ ᠨᠢᠭᠲᠠᠴᠠ ᠂ ᠠᠶᠤᠯᠲᠠᠶ ᠪᠠᠷᠢᠯᠭ᠎ᠠ ᠶᠢᠨ ᠤᠯᠤᠮ ᠵᠢᠴᠢ ᠬᠠᠰᠢᠯᠭ᠎ᠠ ᠶᠢᠨ ᠤᠰᠤ ᠢᠳᠡᠵᠦ ᠪᠠᠶᠢᠭ᠎ᠠ ᠪᠠᠶᠢᠳᠠᠯ ᠳᠤ ᠬᠢᠨᠠᠨ ᠬᠡᠮᠵᠢᠯᠲᠡ ᠬᠢᠵᠦ ᠂ ᠳᠡᠯᠪᠡᠴᠢᠬᠦ ᠣᠷᠣᠨ ᠢ ᠲᠣᠭᠲᠠᠭᠠᠪᠠ ᠃ ᠳᠠᠷᠠᠭ᠎ᠠ ᠨᠢ ᠂ ᠲᠤᠰᠬᠠᠶ ᠮᠡᠷᠭᠡᠵᠢᠯ ᠤᠨ ᠠᠵᠢᠯᠲᠠᠨ ᠠᠵᠢᠯᠯᠠᠬᠤ ᠳᠦᠷᠢᠮ ᠶᠣᠰᠣᠭᠠᠷ ᠳᠠᠷᠢ ᠰᠠᠪᠠᠯᠠᠬᠤ ᠂ ᠵᠠᠯᠭᠠᠬᠤ ᠵᠢᠴᠢ ᠡᠯᠭᠦᠭᠡ ᠠᠵᠢᠯ ᠢ ᠬᠢᠵᠦ ᠂ ᠪᠦᠬᠦ᠋ᠢᠯᠡ ᠳᠡᠯᠪᠡᠴᠢᠬᠦ ᠰᠢᠰᠲ᠋ᠧᠮ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ ᠃  ᠳᠡᠯᠪᠡᠴᠢᠬᠦ ᠠᠵᠢᠯ ᠨᠢ ᠲᠡᠷᠢᠭᠦᠨ ᠤ ᠷᠠᠳᠢᠣ᠋ ᠶᠢᠨ ᠠᠯᠤᠰ ᠠᠴᠠ ᠡᠵᠡᠮᠳᠡᠨ ᠳᠡᠯᠪᠡᠴᠢᠬᠦ ᠠᠷᠭ᠎ᠠ ᠬᠡᠯᠪᠡᠷᠢ ᠶᠢ ᠠᠪᠴᠤ ᠂ ᠲᠥᠪᠯᠡᠷᠡᠭᠦᠯᠦᠨ ᠳᠡᠯᠪᠡᠴᠢᠬᠦ ᠶᠢ ᠬᠡᠷᠡᠭᠵᠢᠭᠦᠯᠪᠡ ᠃ ᠳᠡᠯᠪᠡᠷᠡᠯᠲᠡ ᠶᠢᠨ ᠳᠠᠷᠠᠭ᠎ᠠ ᠂ ᠦᠷ᠎ᠡ ᠪᠦᠲᠦᠮᠵᠢ ᠶᠢ ᠦᠨᠡᠯᠡᠨ ᠵᠢᠱᠢᠬᠦ ᠳᠤᠭᠤᠶᠢᠯᠠᠩ ᠨᠢ ᠬᠡᠢ ᠳᠡᠪᠢᠰᠭᠡᠷᠲᠦ ᠤᠩᠭᠤᠴᠠᠨ ᠳᠤ ᠰᠠᠭᠤᠵᠦ ᠳᠡᠯᠪᠡᠴᠢᠬᠦ ᠠᠵᠢᠯ ᠤᠨ ᠣᠷᠣᠨ ᠳᠤ ᠬᠦᠷᠴᠦ ᠰᠢᠯᠭᠠᠨ ᠠᠪᠬᠤ ᠳᠤ ᠂ 43 ᠠᠵᠢᠯ ᠤᠨ ᠴᠡᠭ ᠪᠦᠬᠦᠨ ᠢᠶᠠᠷ ᠢᠶᠠᠨ ᠠᠮᠵᠢᠯᠲᠠ ᠣᠯᠵᠤ ᠂ ᠳᠡᠯᠪᠡᠴᠢᠯᠲᠡ ᠶᠢᠨ ᠳᠡᠳ᠋ ᠳᠣᠯᠭᠢᠶᠠᠨ ᠨᠢ ᠳᠡᠭᠡᠳᠦ ᠳᠣᠣᠷᠠᠳᠤ ᠤᠷᠤᠰᠬᠠᠯ ᠤᠨ 3 ᠺᠢᠯᠣᠮᠧᠲᠷ ᠤᠨ ᠬᠡᠪᠴᠢᠶᠡᠨ ᠳᠠᠬᠢ ᠮᠥᠰᠥ ᠶᠢ ᠰᠤᠯᠠᠷᠠᠭᠤᠯᠵᠤ ᠂ ᠣᠪᠣᠭᠠᠯᠠᠭᠰᠠᠨ ᠮᠥᠰᠥᠨ ᠤ ᠬᠠᠰᠢᠯᠭ᠎ᠠ ᠨᠢ ᠡᠬᠢᠯᠡᠨ ᠤᠷᠤᠰᠴᠤ ᠂ ᠤᠰᠤᠨ ᠤ ᠲᠦᠪᠰᠢᠨ ᠳᠣᠷᠣᠭᠰᠢᠯᠠᠵᠤ ᠂ ᠤᠰᠤ ᠨᠢ ᠬᠤᠩᠭᠢᠯ ᠳᠤ ᠪᠠᠨ ᠪᠣᠴᠠᠪᠠ ᠃  ᠰᠣᠷᠢᠯᠲᠠ ᠳᠠᠭᠤᠰᠤᠭᠰᠠᠨ ᠤ ᠳᠠᠷᠠᠭ᠎ᠠ ᠂ ᠳᠠᠯᠠᠳ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ᠶᠢᠨ ᠵᠠᠷᠯᠠᠭᠰᠠᠨ ᠢᠶᠠᠷ ᠂ ᠳᠡᠭᠡᠳᠦ ᠤᠷᠤᠰᠬᠠᠯ ᠤᠨ ᠣᠰᠣᠨ ᠲᠦᠪᠰᠢᠨ ᠳᠣᠷᠣᠭᠰᠢᠯᠠᠵᠤ ᠂ ᠰᠥᠩ ᠬᠠᠯᠢᠶ᠎ᠠ ᠶᠢ ᠰᠠᠭᠠᠳ ᠦᠭᠡᠢ ᠨᠡᠪᠲᠡᠷᠡᠭᠦᠯᠦᠨ ᠂ ᠳᠡᠭᠡᠳᠦ ᠳᠣᠣᠷᠠᠳᠤ ᠤᠷᠤᠰᠬᠠᠯ ᠤᠨ ᠤᠷᠤᠰᠬᠠᠯ ᠤᠨ ᠬᠡᠮᠵᠢᠶ᠎ᠡ ᠨᠢ ᠠᠳᠠᠯᠢ ᠪᠤᠯᠵᠦ ᠂ ᠮᠥᠰᠥᠲᠦᠯᠭᠡ ᠶᠢᠨ ᠤᠰᠤᠨ ᠤ ᠬᠤᠷᠢᠭᠯᠠᠯᠲᠠ ᠶᠢ ᠨᠠᠮᠳᠠᠭᠤᠯᠵᠤ ᠂ ᠠᠶᠤᠯ ᠢ ᠠᠮᠵᠢᠯᠲᠠ ᠲᠠᠢ ᠪᠠᠷ ᠠᠷᠢᠯᠭᠠᠪᠠ ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠂ ᠨᠢᠭᠡᠴᠢ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠂ ᠣᠷᠳᠣᠰ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠂ ᠴᠡᠷᠢᠭ ᠤᠨ ᠬᠤᠪᠢᠶᠠᠷᠢ ᠲᠣᠭᠤᠷᠢᠭ ᠂ ᠳᠠᠯᠠᠳ ᠬᠤᠰᠢᠭᠤ ᠂ ᠬᠠᠩᠭᠢᠨ ᠬᠤᠰᠢᠭᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠣᠷᠢᠯᠲᠠ ᠳᠤ ᠣᠷᠣᠯᠴᠠᠪᠠ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号