ᠠᠷᠠᠳ ᠤᠨ ᠡᠳᠦᠷ ᠤᠨ ᠰᠣᠨᠢᠨ᠄ 3 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠮᠠᠨ ᠤ ᠤᠯᠤᠰ ᠵᠢᠩᠬᠢᠨᠢ ᠪᠠᠷ ᠦᠶᠡᠷ ᠤᠨ ᠬᠤᠭᠤᠴᠠᠭᠠᠨ ᠳᠤ ᠣᠷᠣᠪᠠ
ᠨᠡᠶᠢᠲᠡᠯᠡᠭᠰᠡᠨ ᠴᠠᠭ᠄
2025/3/18
  ᠠᠷᠠᠳ ᠤᠨ ᠡᠲᠦᠷ ᠤᠨ ᠰᠤᠨᠢᠨ ᠤ ᠪᠡᠬᠡᠵᠢᠩ ᠤᠨ 3 ᠳ᠋ᠤᠭᠠᠷ ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ︵ᠰᠤᠷᠪᠤᠯᠵᠢᠯᠠᠭᠴᠢ ᠸᠠᠩ ᠬᠤᠤ︶ 3 ᠳ᠋ᠤᠭᠠᠷ ᠰᠠᠷ᠎ᠠ ᠶᠢᠨ 12 ᠤᠨ ᠡᠲᠦᠷ ᠠᠴᠠ 15 ᠤ ᠡᠳᠦᠷ ᠪᠤᠯᠲᠠᠯ᠎ᠠ ᠮᠠᠨ ᠤ ᠤᠯᠤᠰ ᠤᠨ ᠵᠢᠶᠠᠩᠰᠢ ᠂ ᠹᠦᠵᠢᠶᠠᠨ ᠂ ᠵᠧᠵᠢᠶᠠᠩ ᠵᠡᠷᠬᠡ ᠭᠠᠵᠠᠷ ᠲᠤ ᠶᠡᠭᠡ ᠬᠦᠴᠦᠨ ᠲᠠᠢ ᠪᠤᠷᠤᠭᠠᠨ ᠤᠷᠤᠵᠦ ᠂ 3 ᠡᠳᠦᠷ ᠲᠠᠷᠠᠭᠠᠯᠠᠨ ᠤᠷᠤᠭᠰᠠᠨ ᠪᠤᠷᠤᠭᠠᠨ ᠤ ᠬᠡᠮᠵᠢᠶ᠎ᠡ ᠨᠢ 50 ᠮᠢᠯᠢᠮᠧᠲᠷ ᠠᠴᠠ ᠳᠡᠭᠡᠭᠰᠢ ᠂ ᠪᠤᠷᠤᠭᠠᠨᠲᠤ ᠤᠷᠤᠨ ᠤ ᠪᠦᠷᠭᠦᠭᠦ ᠲᠠᠯᠠᠪᠠᠢ ᠨᠢ 17.3 ᠲᠦᠮᠡᠨ ᠲᠡᠭᠰᠢ ᠳᠦᠷᠪᠡᠯᠵᠢᠨ ᠺᠢᠯᠤᠮᠧᠲᠷ ᠲᠤ ᠬᠦᠷᠴᠠᠢ ᠃ ︽ᠮᠠᠨ ᠤ ᠤᠯᠤᠰ ᠦᠶᠡᠷ ᠤᠨ ᠬᠤᠭᠤᠴᠠᠭᠠᠨ ᠳᠤ ᠣᠷᠣᠬᠤ ᠬᠤᠭᠤᠴᠠᠭ᠎ᠠ ᠶᠢ ᠲᠣᠭᠲᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ᠢ ᠦᠨᠳᠦᠰᠦᠯᠡᠪᠡᠯ ᠂ ᠡᠨᠡ ᠵᠢᠯ ᠤᠨ ᠮᠠᠨ ᠤ ᠤᠯᠤᠰ ᠤᠨ ᠦᠶᠡᠷ ᠤᠨ ᠬᠤᠭᠤᠴᠠᠭᠠᠨ ᠳᠤ ᠣᠷᠣᠬᠤ ᠡᠳᠦᠷ ᠬᠤᠭᠤᠴᠠᠭ᠎ᠠ ᠨᠢ 3 ᠳ᠋ᠤᠭᠠᠷ ᠰᠠᠷ᠎ᠠ ᠶᠢᠨ 15 ᠤ ᠡᠳᠦᠷ ᠪᠤᠯᠤᠨ᠎ᠠ ᠂ ᠨᠡᠯᠢᠶᠡᠳ ᠣᠯᠠᠨ ᠵᠢᠯ ᠤᠨ ᠳᠤᠮᠳᠠᠴᠢ ᠦᠶᠡᠷ ᠤᠨ ᠬᠤᠭᠤᠴᠠᠭᠠᠨ ᠳᠤ ᠣᠷᠣᠬᠤ ᠡᠳᠦᠷ ᠬᠤᠭᠤᠴᠠᠭ᠎ᠠ ᠠᠴᠠ ︵4 ᠳ᠋ᠦ᠋ᠭᠡᠷ ᠰᠠᠷ᠎ᠠ ᠶᠢᠨ 1 ᠤ ᠡᠳᠦᠷ︶ ᠡᠷᠲᠡ 17 ᠡᠳᠦᠷ ᠪᠤᠯᠵᠠᠢ ᠃  ᠤᠰᠤᠨ ᠠᠰᠢᠭᠯᠠᠯᠲᠠ ᠶᠢᠨ ᠶᠠᠮᠤᠨ 24 ᠴᠠᠭ ᠢᠶᠠᠷ ᠦᠶᠡᠷ ᠢ ᠰᠡᠷᠭᠡᠶᠢᠯᠡᠵᠦ ᠵᠢᠵᠢᠭᠦᠷᠯᠡᠨ ᠰᠠᠬᠢᠵᠤ ᠂ ᠬᠤᠯᠪᠣᠭᠳᠠᠯ ᠪᠥᠬᠦᠶ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠂ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠬᠠᠮᠢᠶ᠎ᠠ ᠪᠥᠬᠦᠶ ᠲᠣᠭᠲᠠᠭᠠᠯ ᠶᠣᠰᠣᠭᠠᠷ ᠦᠶᠡᠷ ᠤᠨ ᠬᠤᠭᠤᠴᠠᠭᠠᠨ ᠤ ᠠᠵᠢᠯ ᠤᠨ ᠪᠠᠶᠢᠳᠠᠯ ᠳᠤ ᠣᠷᠣᠪᠠ ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠬᠢᠨᠠᠨ ᠬᠡᠮᠵᠢᠵᠦ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠂ ᠰᠡᠷᠭᠡᠶᠢᠯᠡᠯᠲᠡ ᠶᠢᠨ ᠨᠢᠭᠡᠳᠦᠭᠡᠷ ᠹᠷᠣᠨᠲ ᠲᠤ ᠰᠢᠭᠤᠳ ᠬᠥᠷᠬᠦ ᠬᠡᠷᠡᠭᠲᠡᠶ︔ ᠤᠰᠤᠨ ᠴᠥᠭᠦᠷᠥᠮ ᠂ ᠬᠠᠰᠢᠯᠭ᠎ᠠ ᠶᠢᠨ ᠠᠮᠤᠷ ᠲᠦᠪᠰᠢᠨ ᠢ ᠬᠢᠨᠠᠨ ᠬᠡᠮᠵᠢᠬᠦ ᠪᠠ ᠬᠤᠷᠢᠭᠯᠠᠬᠤ ᠶᠢ ᠴᠢᠩᠭᠠᠳᠬᠠᠵᠤ ᠂ ᠳᠤᠮᠳᠠ ᠵᠢᠵᠢᠭ ᠭᠤᠣᠯ ᠮᠥᠷᠡᠨ ᠤ ᠦᠶᠡᠷ ᠤᠨ ᠤᠰᠤ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠠ︔ ᠦᠶᠡᠷ ᠢ ᠰᠡᠷᠭᠡᠶᠢᠯᠡᠬᠦ ᠪᠡᠯᠡᠳᠬᠡᠯ ᠢ ᠴᠢᠩᠭᠠᠳᠬᠠᠵᠤ ᠂ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠂ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠰᠣᠷᠢᠯᠲᠠ ᠬᠢᠬᠦ ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠂ ᠦᠶᠡᠷ ᠢ ᠲᠣᠭᠲᠠᠭᠠᠨ ᠬᠠᠳᠠᠭᠠᠯᠠᠬᠤ ᠣᠷᠣᠨ ᠤ ᠬᠡᠷᠡᠭᠯᠡᠬᠦ ᠪᠡᠯᠡᠳᠬᠡᠯ ᠂ ᠤᠰᠤᠨ ᠳᠤ ᠡᠪᠳᠡᠭᠳᠡᠭᠰᠡᠨ ᠢᠨᠵᠧᠨᠧᠷᠢᠩ ᠢ ᠵᠠᠰᠠᠨ ᠰᠡᠷᠭᠦᠭᠡᠬᠦ ᠵᠡᠷᠭᠡ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ ᠂ ᠦᠶᠡᠷ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ ᠃    ᠵᠣᠬᠢᠶᠠᠭᠴᠢ᠄      ᠬᠠᠷᠢᠭᠤᠴᠠᠭᠰᠠᠨ ᠨᠠᠶᠢᠷᠠᠭᠤᠯᠤᠭᠴᠢ᠄ ᠸᠧᠶ ᠶᠦᠩ ᠵᠢᠩ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号