3 ᠳ᠋ᠤᠭᠠᠷ ᠰᠠᠷ᠎ᠠ ᠶᠢᠨ 22 ᠤᠨ ᠡᠳᠦᠷ ᠂ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠢ ᠶᠢᠨ | ᠤᠰᠤᠨ ᠤ ᠡᠳᠦᠷ︾ ᠂ ᠭᠤᠴᠢᠨ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ | ᠬᠦᠷᠴᠦ ᠢᠷᠡᠬᠦ ᠲᠠᠰᠢᠷᠠᠮ ᠢᠶᠠᠷ ᠂ ᠪᠠᠶᠠᠨᠨᠠᠭᠤᠷ ᠬᠤᠳᠠ ᠬᠤᠳᠠ ᠶᠢᠨ ᠬᠠᠮ ᠵᠠᠭᠤᠴᠢᠯᠠᠭᠤᠷ ᠤᠨ ᠲᠥᠪ ᠠᠴᠠ ︽ | ᠤᠰᠤ ᠶᠢ ᠬᠠᠮᠠᠭᠠᠯᠠᠵᠤ ᠂ ᠤᠰᠤ ᠶᠢ ᠨᠠᠨᠳᠢᠩᠨᠠᠬᠤ — ᠤᠰᠤ ᠠᠷᠪᠢᠯᠠᠬᠤ ᠬᠤᠰᠢᠭᠤᠴᠢ ᠪᠣᠯᠬᠤ ᠪᠠᠷ ᠴᠢᠷᠮᠠᠶᠢᠶ᠎ᠠ︾ | ᠭᠤᠣᠯ ᠰᠡᠳᠦᠪᠲᠦ ᠶᠠᠷᠢᠶᠠᠨ ᠤ ᠤᠷᠤᠯᠳᠤᠭᠠᠨ ᠢ ᠡᠷᠬᠢᠯᠡᠪᠡ ᠃ | ᠤᠷᠤᠯᠳᠤᠭᠠᠨ ᠤ ᠶᠠᠪᠤᠴᠠ ᠳᠤ ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠠᠴᠠ ᠢᠷᠡᠭᠰᠡᠨ | ᠳᠤᠮᠳᠠᠳᠤ ᠪᠠᠭ᠎ᠠ ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠭᠰᠠᠳ ᠶᠠᠷᠢᠶᠠᠨ ᠤ ᠭᠤᠤᠯ ᠰᠡᠳᠦᠪ ᠤᠨ | ᠲᠣᠭᠤᠷᠢᠨ ᠳᠤ ᠂ ᠳᠡᠷᠭᠡᠳᠡᠬᠢ ᠤᠰᠤ ᠠᠷᠪᠢᠯᠠᠭᠰᠠᠨ ᠂ ᠤᠰᠤ ᠬᠠᠮᠠᠭᠠᠯᠠᠭᠰᠠᠨ ᠨᠡᠶᠢᠲᠡᠯᠢᠭ ᠵᠢᠱᠢᠶ᠎ᠡ ᠶᠢ | ᠠᠮᠢᠳᠤᠯᠢᠭ ᠢᠶᠠᠷ ᠶᠠᠷᠢᠵᠤ ᠂ ᠤᠰᠤ ᠠᠷᠪᠢᠯᠠᠬᠤ ᠤᠷᠠᠨ ᠰᠠᠶᠢᠬᠠᠨ ᠠᠷᠭ᠎ᠠ ᠶᠢ ᠢᠳᠡᠪᠬᠢᠲᠡᠶ ᠬᠤᠪᠢᠶᠠᠯᠴᠠᠨ ᠂ ᠤᠰᠤᠨ ᠤ | ᠡᠬᠢ ᠪᠠᠶᠠᠯᠢᠭ ᠢ ᠨᠠᠨᠳᠢᠩᠨᠠᠬᠤ ᠰᠡᠳᠬᠢᠯᠭᠡ ᠪᠠᠨ ᠢᠯᠡᠳᠬᠡᠵᠦ ᠂ ᠣᠯᠠᠨ ᠢ ᠳᠤᠰᠤᠯ ᠤᠰᠤ ᠨᠢᠭᠡᠪᠦᠷᠢ ᠶᠢ ᠠᠷᠪᠢᠯᠠᠬᠤ ᠶᠢ | ᠤᠷᠢᠶᠠᠯᠠᠪᠠ ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ ᠂ ᠤᠷᠤᠯᠳᠤᠭᠠᠨ ᠤ ᠡᠴᠦᠰ ᠲᠤ ᠨᠢᠭᠡᠳᠦᠭᠡᠷ ᠂ | ᠬᠤᠶᠠᠳᠤᠭᠠᠷ ᠂ ᠭᠤᠷᠪᠠᠳᠤᠭᠠᠷ ᠳᠡᠰ ᠤᠨ ᠱᠠᠩᠨᠠᠯ ᠢ ᠰᠢᠯᠭᠠᠷᠠᠭᠤᠯᠤᠭᠰᠠᠨ ᠪᠥᠭᠡᠳ ᠠᠬᠤᠢ ᠲᠠᠯᠠᠪᠠᠢ ᠳᠤ ᠱᠠᠩᠨᠠᠯ | ᠬᠦᠷᠲᠡᠭᠴᠢ ᠳᠤ ᠱᠠᠩᠨᠠᠯ ᠭᠠᠷᠳᠠᠭᠤᠯᠪᠠ ᠃ | ᠲᠤᠰ ᠤᠳᠠᠭᠠᠨ ᠤ ᠤᠷᠤᠯᠳᠤᠭᠠᠨ ᠢ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ | ᠭᠤᠣᠯᠯᠠᠨ ᠡᠷᠬᠢᠯᠡᠵᠦ ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ | ᠠᠰᠢᠭᠯᠠᠯᠲᠠ ᠶᠢᠨ ᠬᠥᠭᠵᠢᠯᠲᠡ ᠶᠢᠨ ᠲᠥᠪ ᠂ ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠪᠠᠶᠠᠨᠨᠠᠭᠤᠷ ᠬᠤᠲᠠ ᠶᠢᠨ ᠵᠥᠪᠯᠡᠯ ᠂ ᠪᠠᠭᠠᠴᠤᠳ ᠤᠨ ᠬᠤᠰᠢᠭᠤᠴᠢ | ᠠᠩᠭᠢ ᠶᠢᠨ ᠪᠠᠶᠠᠨᠨᠠᠭᠤᠷ ᠬᠤᠲᠠ ᠶᠢᠨ ᠠᠵᠢᠯ ᠤᠨ ᠵᠥᠪᠯᠡᠯ ᠬᠠᠮᠵᠢᠯᠴᠠᠨ ᠡᠷᠬᠢᠯᠡᠵᠦ ᠂ ᠪᠠᠶᠠᠨᠨᠠᠭᠤᠷ ᠬᠤᠲᠠ ᠶᠢᠨ ᠬᠠᠮ | ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠵᠦ ᠂ ᠡᠭᠦᠨ ᠤ ᠵᠣᠷᠢᠯᠭ᠎ᠠ ᠨᠢ ︽ᠪᠠᠭ᠎ᠠ ᠭᠠᠷ ᠨᠢ ᠲᠣᠮᠣ | ᠭᠠᠷ ᠢᠶᠠᠨ ᠲᠠᠲᠠᠬᠤ︾ ᠬᠡᠯᠪᠡᠷᠢ ᠪᠠᠷ ᠳᠠᠮᠵᠢᠭᠤᠯᠤᠨ ᠂ ᠤᠰᠤ ᠠᠷᠪᠢᠯᠠᠬᠤ ᠬᠠᠷᠢᠭᠤᠴᠠᠯᠭ᠎ᠠ ᠶᠢ ᠰᠤᠷᠭᠠᠭᠤᠯᠢ ᠠᠴᠠ ᠭᠡᠷ | ᠪᠦᠯᠢ ᠬᠦᠷᠲᠡᠯ᠎ᠡ ᠦᠷᠭᠦᠯᠵᠢᠯᠡᠭᠦᠯᠵᠦ ᠂ ᠲᠠᠬᠢᠨ ᠭᠡᠷ ᠪᠦᠯᠢ ᠠᠴᠠ ᠨᠡᠶᠢᠭᠡᠮ ᠬᠦᠷᠲᠡᠯ᠎ᠡ ᠦᠷᠭᠦᠯᠵᠢᠯᠡᠭᠦᠯᠵᠦ ᠂ ᠤᠯᠠᠨ | ᠨᠡᠶᠢᠲᠡ ᠶᠢᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ ᠬᠢ ᠠᠩᠬᠠᠷᠤᠯ ᠪᠠ ᠬᠦᠨᠳᠦᠳᠬᠡᠯ ᠢ | ᠬᠥᠭᠵᠢᠭᠡᠵᠦ ᠂ ᠤᠰᠤ ᠠᠷᠪᠢᠯᠠᠬᠤ ᠂ ᠤᠰᠤ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ | ᠪᠣᠯᠭᠠᠬᠤ ᠶᠢᠨ ᠲᠥᠯᠥᠭᠡ ᠶᠤᠮ ᠃ | |