3 ᠳ᠋ᠤᠭᠠᠷ ᠰᠠᠷ᠎ᠠ ᠶᠢᠨ 23 ᠤ ᠡᠳᠦᠷ ᠂ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ | ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠤᠰᠤ | ᠠᠷᠪᠢᠯᠠᠬᠤ ᠨᠢᠭᠤᠴᠠ ᠨᠣᠮᠧᠷ︾ ᠤᠨ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠵᠦ ᠂ ᠮᠠᠰᠢ ᠣᠯᠠᠨ ᠬᠤᠲᠠ ᠶᠢᠨ ᠠᠷᠠᠳ ᠢᠯᠠᠩᠭᠤᠶ᠎ᠠ ᠵᠠᠯᠠᠭᠤᠴᠤᠳ | ᠪᠠᠭᠠᠴᠤᠳ ᠤᠨ ᠬᠠᠷᠢᠯᠴᠠᠨ ᠬᠥᠳᠡᠯᠦᠯᠴᠡᠬᠦ ᠳᠤ ᠣᠷᠣᠯᠴᠠᠬᠤ ᠶᠢ ᠲᠠᠲᠠᠪᠠ ᠃ | ᠲᠤᠰ ᠠᠵᠢᠯᠯᠠᠭ᠎ᠠ ᠳᠤ ᠂ ︽ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠳᠠᠬᠢᠨ ᠠᠰᠢᠭᠯᠠᠬᠤ︾ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠭᠤᠭᠴᠤᠭ᠎ᠠ ᠬᠥᠮᠦᠰ ᠤᠨ ᠠᠩᠬᠠᠷᠤᠯ ᠢ ᠲᠠᠲᠠᠵᠤ ᠪᠠᠶᠢᠯ᠎ᠠ ᠃ ᠠᠵᠢᠯᠲᠠᠳ ᠤᠯᠠᠨ | ᠵᠠᠭᠤᠴᠢᠯᠠᠭᠤᠷ ᠤᠨ ᠦᠵᠡᠭᠦᠯᠭᠡ ᠪᠠ ᠪᠣᠳᠠᠲᠤ ᠪᠣᠳᠠᠰ ᠤᠨ ᠵᠠᠭᠪᠤᠷ ᠢᠶᠠᠷ ᠳᠠᠮᠵᠢᠭᠤᠯᠤᠨ ᠳᠡᠯᠭᠡᠨ ᠦᠵᠡᠭᠦᠯᠵᠦ ᠂ | ᠤᠤᠭᠠᠯ ᠤᠰᠤ ᠠᠴᠠ ᠤᠰᠤ ᠴᠡᠪᠡᠷᠰᠢᠭᠦᠯᠬᠦ ᠬᠦᠷᠲᠡᠯᠡᠬᠢ ᠪᠦᠷᠢᠨ ᠪᠦᠲᠦᠨ ᠴᠡᠪᠡᠷᠰᠢᠭᠦᠯᠬᠦ ᠤᠷ᠎ᠠ ᠮᠡᠷᠭᠡᠵᠢᠯ ᠤᠨ | ᠶᠠᠪᠤᠴᠠ ᠶᠢ ᠠᠮᠢᠳᠤᠯᠢᠭ ᠢᠶᠠᠷ ᠰᠡᠷᠭᠦᠭᠡᠪᠡ ᠃ ᠪᠤᠯᠠᠩᠭᠢᠷ ᠤᠰᠤ ᠨᠢ ᠬᠡᠳᠦ ᠱᠦᠭᠦᠬᠦ ᠪᠦᠷᠬᠦᠪᠴᠢ ᠶᠢᠨ ᠮᠡᠷᠭᠡᠵᠢᠯ ᠢᠶᠠᠷ | ᠳᠠᠮᠵᠢᠭᠠᠳ ᠴᠡᠪᠡᠷ ᠲᠤᠩᠭᠠᠯᠠᠭ ᠪᠣᠯᠬᠤ ᠦᠶ᠎ᠡ ᠳᠤ ᠂ ᠠᠬᠤᠢ ᠲᠠᠯᠠᠪᠠᠢ ᠶᠢᠨ ᠬᠤᠲᠠ ᠶᠢᠨ ᠠᠷᠠᠳ ᠰᠣᠴᠢᠨ ᠬᠡᠯᠮᠡᠭᠳᠡᠬᠦ | ᠳᠠᠭᠤᠨ ᠭᠠᠷᠭᠠᠪᠠ ᠃ ᠡᠭᠦᠨ ᠠᠴᠠ ᠭᠠᠳᠠᠨ᠎ᠠ ᠂ ︽ᠬᠠᠯᠠᠭᠤᠨ ᠬᠦᠢᠲᠡᠨ ᠢ ᠮᠡᠳᠡᠬᠦ︾ ᠰᠢᠨᠵᠢᠯᠡᠬᠦ ᠤᠬᠠᠭᠠᠨ ᠤ | ᠲᠦᠭᠡᠮᠡᠯᠵᠢᠭᠦᠯᠦᠯᠲᠡ ᠶᠢᠨ ᠲᠤᠷᠰᠢᠯᠲᠠ ᠶᠢᠨ ᠭᠤᠭᠴᠤᠭ᠎ᠠ ᠨᠢ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ | ᠠᠵᠢᠯᠯᠠᠭ᠎ᠠ ᠶᠢ ᠤᠷᠬᠢᠯ ᠳᠤᠨᠢ ᠬᠦᠷᠭᠡᠭᠰᠡᠨ ᠪᠠᠶᠢᠨ᠎ᠠ ᠃ ᠤᠰᠤᠨ ᠤ ᠭᠠᠳᠠᠷᠭᠤ ᠶᠢᠨ ᠲᠡᠯᠡᠯᠲᠡ ᠂ ᠨᠢᠭᠲᠠᠴᠠ ᠶᠢᠨ | ᠬᠤᠪᠢᠷᠠᠯᠲᠠ ᠂ ᠤᠰᠤᠨ ᠤ ᠡᠷᠭᠢᠯᠲᠡ ᠵᠡᠷᠭᠡ ᠲᠤᠷᠰᠢᠯᠲᠠ ᠪᠠᠷ ᠳᠠᠮᠵᠢᠭᠤᠯᠤᠨ ᠂ ᠲᠤᠬᠠᠶ ᠶᠢᠨ ᠲᠠᠯᠠᠪᠠᠶ ᠶᠢᠨ | ᠦᠵᠡᠭᠴᠢᠳ ᠢ ᠤᠰᠤᠨ ᠤ ᠰᠢᠨᠵᠢᠯᠡᠬᠦ ᠤᠬᠠᠭᠠᠨ ᠤ ᠮᠡᠳᠡᠯᠭᠡ ᠶᠢ ᠬᠢᠯᠪᠠᠷᠬᠠᠨ ᠢᠶᠠᠷ ᠰᠤᠷᠤᠯᠴᠠᠭᠤᠯᠤᠭᠰᠠᠨ ᠢᠶᠠᠷ | ᠪᠠᠷᠠᠬᠤ ᠥᠬᠡᠶ ᠪᠠᠰᠠ ᠣᠯᠠᠨ ᠢᠶᠠᠷ ᠢᠶᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠤᠷᠮ᠎ᠠ ᠪᠠᠬ᠎ᠠ ᠶᠢ ᠤᠯᠠᠮ | ᠨᠢᠭᠡ ᠠᠯᠬᠤᠮ ᠬᠥᠭᠵᠢᠭᠡᠵᠦ ᠂ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠣᠯᠪᠠ ᠃ | ᠠᠬᠤᠢ ᠲᠠᠯᠠᠪᠠᠢ ᠳᠤ ᠂ ᠠᠵᠢᠯᠲᠠᠳ ᠪᠠᠰᠠ ᠵᠢᠷᠤᠭ ᠪᠢᠴᠢᠭ ᠢ ᠬᠤᠣᠰᠯᠠᠭᠤᠯᠤᠭᠰᠠᠨ ᠦᠵᠡᠭᠦᠯᠭᠡ ᠶᠢᠨ | ᠰᠠᠮᠪᠠᠷ᠎ᠠ ᠶᠢᠨ ᠰᠢᠰᠲ᠋ᠧᠮ ᠢᠶᠠᠷ ᠳᠠᠮᠵᠢᠭᠤᠯᠤᠨ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠂ ︽ᠠᠷᠠᠳ | ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠵᠡᠷᠭᠡ ᠳᠤ ᠲᠠᠶᠢᠯᠤᠮᠵᠢ ᠬᠢᠭᠰᠡᠨ | ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ ᠂ ᠣᠯᠠᠨ ᠤ ᠤᠰᠤ ᠶᠢ ᠠᠷᠪᠢᠯᠠᠨ ᠬᠡᠷᠡᠭᠯᠡᠬᠦ ᠶᠢ | ᠤᠬᠠᠭᠤᠯᠤᠭᠴᠢ ᠂ ᠪᠣᠯᠪᠠᠰᠤᠨ ᠢᠶᠠᠷ ᠤᠰᠤ ᠬᠡᠷᠡᠭᠯᠡᠬᠦ ᠶᠢ ᠰᠠᠨᠠᠭᠠᠴᠢᠯᠠᠭᠴᠢ ᠂ ᠰᠢᠨᠵᠢᠯᠡᠬᠦ ᠤᠬᠠᠭᠠᠨᠴᠢ ᠪᠠᠷ ᠤᠰᠤ | ᠬᠡᠷᠡᠭᠯᠡᠬᠦ ᠶᠢ ᠦᠢᠯᠡᠳᠦᠯᠭᠡᠵᠢᠭᠦᠯᠦᠭᠴᠢ ᠪᠣᠯᠬᠤ ᠶᠢ ᠰᠠᠨᠠᠭᠠᠴᠢᠯᠠᠪᠠ ᠃ | ᠲᠣᠰ ᠤᠳᠠᠭᠠᠨ ᠤ ᠠᠵᠢᠯᠯᠠᠭ᠎ᠠ ᠨᠢ ︽ᠣᠨᠣᠯ ᠤᠨ ᠲᠠᠨᠢᠨ ᠮᠡᠳᠡᠬᠦᠢ — ᠦᠢᠯᠡᠳᠦᠯᠭᠡ ᠶᠢᠨ ᠮᠡᠳᠡᠷᠡᠬᠦᠢ — | ᠦᠢᠯᠡ ᠠᠵᠢᠯᠯᠠᠭ᠎ᠠ ᠶᠢᠨ ᠬᠦᠲᠦᠯᠦᠮᠵᠢ︾ ᠶᠢᠨ ᠭᠤᠷᠪᠠᠨ ᠬᠡᠮᠵᠢᠯᠳᠦ ᠠᠬᠢᠭᠤᠯᠬᠤ ᠵᠠᠭᠪᠤᠷ ᠢᠶᠠᠷ ᠳᠠᠮᠵᠢᠭᠤᠯᠤᠨ ᠂ | ᠰᠢᠨᠵᠢᠯᠡᠬᠦ ᠤᠬᠠᠭᠠᠨᠴᠢ ᠴᠢᠨᠠᠷ ᠂ ᠰᠣᠨᠢᠷᠬᠠᠯᠲᠤ ᠴᠢᠨᠠᠷ ᠪᠠ ᠬᠡᠷᠡᠭᠯᠡᠭᠡᠨ ᠤ ᠴᠢᠨᠠᠷ ᠢ ᠣᠷᠭᠠᠨᠢᠭ ᠢᠶᠠᠷ ᠤᠶᠠᠯᠳᠤᠭᠤᠯᠵᠤ ᠂ | ᠣᠯᠠᠨ ᠶᠠᠩᠵᠤ ᠶᠢᠨ ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ ᠂ ᠤᠰᠤᠨ ᠤ ᠡᠬᠢ ᠪᠠᠶᠠᠯᠢᠭ ᠤᠨ ᠴᠢᠬᠤᠯᠠ | ᠴᠢᠨᠠᠷ ᠤᠨ ᠲᠤᠬᠠᠶ ᠣᠯᠠᠨ ᠤ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠣᠯᠠᠨ ᠨᠡᠶᠢᠲᠡ ᠶᠢᠨ | ᠤᠰᠤᠨ ᠤ ᠰᠠᠨᠠᠭᠠᠰᠢᠷᠠᠯ ᠤᠨ ᠤᠬᠠᠮᠰᠠᠷ ᠢ ᠨᠡᠮᠡᠭᠳᠡᠭᠦᠯᠵᠦ ᠂ ᠤᠰᠤ ᠶᠢ ᠨᠠᠨᠳᠢᠩᠨᠠᠬᠤ ᠂ ᠤᠰᠤ ᠶᠢ ᠬᠠᠶᠢᠷᠠᠯᠠᠬᠤ ᠂ ᠤᠰᠤ | ᠠᠷᠪᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ ᠃ | |