3 ᠳ᠋ᠤᠭᠠᠷ ᠰᠠᠷ᠎ᠠ ᠶᠢᠨ 21 ᠤ ᠡᠳᠦᠷ ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ︽ | ᠣᠷᠳᠣᠰ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠲᠥᠰᠦᠯ︾ ︵ᠳᠣᠷᠣᠭᠰᠢ ︽ᠲᠥᠰᠦᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ ᠂ ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠢ ᠠᠰᠢᠭᠯᠠᠵᠤ | ᠪᠠᠶᠢᠭ᠎ᠠ ᠣᠳᠣᠬᠢ ᠪᠠᠶᠢᠳᠠᠯ ᠳᠤ ᠰᠠᠭᠤᠷᠢᠯᠠᠨ ᠂ 37 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠂ ᠬᠤᠲᠠ ᠬᠥᠳᠡᠭᠡ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ | ᠠᠬᠢᠭᠤᠯᠬᠤ ᠂ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠠᠬᠢᠭᠤᠯᠬᠤ ᠂ ᠡᠩ ᠤᠨ ᠪᠤᠰᠤ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠬᠤ ᠂ ᠤᠰᠤᠨ ᠤ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠂ ᠤᠰᠤ ᠠᠷᠪᠢᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠬᠦ ᠂ ᠤᠰᠤ | ᠠᠷᠪᠢᠯᠠᠭᠰᠠᠨ ᠢ ᠱᠠᠩᠨᠠᠬᠤ ᠶᠢ ᠬᠡᠷᠡᠭᠵᠢᠭᠦᠯᠬᠦ ᠵᠡᠷᠭᠡ 10 ᠲᠠᠯ᠎ᠠ ᠠᠴᠠ ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ ᠂ | ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ ᠃ | ︽ᠲᠥᠰᠦᠯ︾ ᠳᠤ ᠂ 2025 ᠣᠨ ᠳᠤ ᠣᠷᠳᠣᠰ ᠬᠤᠲᠠ ᠶᠢᠨ ᠪᠥᠬᠦ ᠬᠤᠲᠠ ᠶᠢᠨ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢ 19.19 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ︔ | ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 10.4% ᠠᠴᠠ | ᠳᠡᠭᠡᠭᠰᠢ ᠪᠠᠭᠤᠷᠠᠭᠤᠯᠵᠤ ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 10% ᠠᠴᠠ ᠳᠡᠭᠡᠭᠰᠢ ᠪᠠᠭᠤᠷᠠᠭᠤᠯᠤᠨ᠎ᠠ︔ ᠲᠠᠷᠢᠶᠠᠯᠠᠩ ᠂ | ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ᠬᠢᠨ ᠲᠣᠰ ᠲᠣᠰ ᠤᠰᠤ ᠠᠷᠪᠢᠯᠠᠬᠤ ᠴᠢᠳᠠᠪᠤᠷᠢ ᠶᠢ 171 ᠲᠦᠮᠡᠨ | ᠪᠣᠰᠤᠭ᠎ᠠ ᠳᠥᠷᠪᠡᠯᠵᠢᠨ ᠮᠧᠲᠷ ᠂ 15 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ︔ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ | ᠢᠯᠡᠳᠬᠡᠮᠵᠢ ᠶᠢ 0.63 ᠠᠴᠠ ᠳᠡᠭᠡᠭᠰᠢ ᠳᠤ ᠬᠦᠷᠭᠡᠨ᠎ᠡ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠤᠷ ᠤᠨ ᠤᠰᠤ ᠭᠤᠭᠤᠵᠢᠬᠤ ᠨᠣᠷᠮ᠎ᠠ ᠶᠢ 7% ᠶᠢᠨ ᠳᠣᠲᠣᠷ᠎ᠠ ᠬᠢᠵᠠᠭᠠᠷᠯᠠᠨ᠎ᠠ︔ ᠳᠠᠬᠢᠨ | ᠠᠰᠢᠭᠯᠠᠬᠤ ᠤᠰᠤᠨ ᠤ ᠠᠰᠢᠭᠯᠠᠮᠵᠢ ᠶᠢ 86% ᠠᠴᠠ ᠳᠡᠭᠡᠭᠰᠢ ᠳᠤ ᠬᠦᠷᠦᠭᠦᠯᠦᠨ᠎ᠡ ᠂ ᠡᠩ ᠤᠨ ᠪᠤᠰᠤ ᠤᠰᠤᠨ | ᠠᠰᠢᠭᠯᠠᠯᠲᠠ ᠶᠢᠨ ᠬᠡᠷᠡᠭᠯᠡᠬᠦ ᠬᠡᠮᠵᠢᠶ᠎ᠡ ᠶᠢ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ | ᠬᠦᠷᠦᠭᠦᠯᠦᠨ᠎ᠡ︔ 9 ᠬᠤᠰᠢᠭᠤ ᠲᠣᠭᠤᠷᠢᠭ ᠪᠦᠬᠦᠨ ᠢᠶᠠᠷ ᠢᠶᠠᠨ ᠰᠢᠶᠠᠨ ᠤ ᠬᠡᠪᠴᠢᠶᠡᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠨ᠎ᠡ ᠃ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ ᠂ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ | ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠪᠥᠬᠦ ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠢ | ᠲᠠᠰᠤᠷᠠᠯᠲᠠ ᠥᠬᠡᠶ ᠴᠢᠩᠭᠠᠷᠠᠭᠤᠯᠵᠤ ᠂ ᠤᠰᠤ ᠠᠷᠪᠢᠯᠠᠬᠤ ᠶᠢ ᠪᠥᠬᠦ ᠨᠡᠶᠢᠭᠡᠮ ᠤᠨ ᠠᠵᠢᠯᠯᠠᠭᠠᠨ ᠤ ᠤᠬᠠᠮᠰᠠᠷ | ᠪᠣᠯᠭᠠᠬᠤ ᠬᠡᠷᠡᠭᠲᠡᠶ ᠃ | |