ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ ᠰᠡᠳᠦᠪ ᠤᠨ ᠬᠥᠮᠥᠷᠭᠡ ᠶᠢ ᠡᠬᠢᠯᠡᠵᠦ ᠬᠡᠷᠡᠭᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/3/28
ᠡᠯ᠎ᠡ ᠬᠤᠯᠪᠣᠭᠳᠠᠯ ᠪᠦᠬᠦᠢ ᠨᠢᠭᠡᠴᠢ᠄  ᠠᠶᠤᠯ ᠦᠭᠡᠶ ᠦᠢᠯᠡᠳᠪᠦᠷᠢᠯᠡᠯ ᠤᠨ ᠲᠤᠬᠠᠶ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠷᠠᠭᠤᠯᠤᠨ ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠦᠵᠡᠯ ᠤᠬᠠᠮᠰᠠᠷ ᠬᠢᠭᠡᠳ ᠲᠤᠰᠬᠠᠶ ᠮᠡᠷᠭᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ ᠂ ᠰᠤᠳᠤᠯᠤᠨ ᠲᠣᠭᠲᠠᠭᠠᠭᠠᠳ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯᠲᠤ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠬᠢᠨᠠᠨ ᠰᠢᠯᠭᠠᠬᠤ ᠰᠡᠳᠦᠪ ᠤᠨ ᠬᠥᠮᠥᠷᠭᠡ ᠶᠢ ᠡᠬᠢᠯᠡᠵᠦ ᠬᠡᠷᠡᠭᠯᠡᠬᠦ ᠪᠠᠷ ᠲᠣᠭᠲᠠᠭᠠᠪᠠ ᠃  ᠲᠣᠰ ᠰᠡᠳᠦᠪ ᠤᠨ ᠬᠥᠮᠥᠷᠭᠡ ᠨᠢ ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠶᠢᠨ ᠬᠥᠲᠥᠯᠪᠦᠷᠢ︾ ︵ᠠᠯᠪᠠᠨ ᠬᠢᠨᠠᠯᠲᠠ ᠲᠠᠯᠪᠢᠬᠤ ᠵᠠᠬᠢᠳᠠᠯ ﹇2023﹈ 718 ᠳ᠋ᠤᠭᠠᠷ ᠲᠣᠭᠠᠲᠤ︶ ᠤᠨ ᠶᠣᠰᠣᠭᠠᠷ ᠨᠠᠶᠢᠷᠠᠭᠤᠯᠤᠨ ᠵᠣᠬᠢᠶᠠᠪᠠ ᠃ ᠰᠡᠳᠦᠪ ᠤᠨ ᠬᠡᠯᠪᠡᠷᠢ ᠨᠢ ᠭᠠᠭᠴᠠ ᠬᠠᠷᠢᠭᠤ ᠲᠠᠢ ᠰᠣᠩᠭᠤᠬᠤ ᠰᠡᠳᠦᠪ ᠂ ᠣᠯᠠᠨ ᠬᠠᠷᠢᠭᠤ ᠲᠠᠢ ᠰᠣᠩᠭᠤᠬᠤ ᠰᠡᠳᠦᠪ ᠂ ᠮᠠᠭᠠᠳᠯᠠᠬᠤ ᠰᠡᠳᠦᠪ ᠪᠠᠭᠲᠠᠨ᠎ᠠ ᠂ ᠨᠡᠶᠢᠲᠡ 3100 ᠰᠡᠳᠦᠪ ᠪᠣᠯᠤᠨ᠎ᠠ ᠃ ᠡᠭᠦᠨ ᠳᠤ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠰᠢᠯᠭᠠᠯᠲᠠ ᠶᠢᠨ ᠰᠡᠳᠦᠪ 1061 ᠪᠠᠶᠢᠵᠤ ᠂ ᠠᠶᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠰᠢᠯᠭᠠᠯᠲᠠ ᠶᠢᠨ ᠰᠡᠳᠦᠪ 1001 ᠪᠠᠶᠢᠵᠤ ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠦᠨᠳᠦᠰᠦᠨ ᠮᠡᠳᠡᠯᠭᠡ ᠶᠢᠨ ᠰᠢᠯᠭᠠᠯᠲᠠ ᠶᠢᠨ ᠰᠡᠳᠦᠪ 334 ᠪᠠᠶᠢᠵᠤ ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠰᠢᠯᠭᠠᠯᠲᠠ ᠶᠢᠨ ᠰᠡᠳᠦᠪ 704 ᠪᠤᠢ ᠃ ᠰᠢᠯᠭᠠᠯᠲᠠ ᠶᠢᠨ ᠬᠠᠭᠤᠳᠠᠰᠤ ᠶᠢᠨ 80% ᠰᠢᠯᠭᠠᠯᠲᠠ ᠶᠢᠨ ᠰᠡᠳᠦᠪ ᠢ ᠰᠡᠳᠦᠪ ᠤᠨ ᠬᠥᠮᠥᠷᠭᠡ ᠠᠴᠠ ᠰᠤᠭᠤᠯᠵᠤ ᠠᠪᠴᠤ ᠪᠣᠯᠣᠨ᠎ᠠ ᠃  ᠲᠣᠰ ᠰᠡᠳᠦᠪ ᠤᠨ ᠬᠥᠮᠥᠷᠭᠡ ᠶᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠰᠦᠯᠵᠢᠶ᠎ᠡ ︵https://slt.nmg.gov.cn/︶ ᠪᠠ ᠸᠢᠴᠠᠲ ᠤᠨ ᠤᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ︾ ᠶᠢ ᠰᠦᠢᠳᠬᠡᠯ ᠬᠤᠷᠢᠶᠠᠬᠤ ᠥᠬᠡᠶ ᠪᠠᠷ ᠪᠠᠭᠤᠯᠭᠠᠨ ᠠᠪᠴᠤ ᠪᠣᠯᠤᠨ᠎ᠠ ᠃  ᠰᠡᠳᠦᠪ ᠤᠨ ᠬᠥᠮᠥᠷᠭᠡ ᠶᠢ ᠬᠡᠷᠡᠭᠯᠡᠬᠦ ᠶᠠᠪᠤᠴᠠ ᠳᠤ ᠂ ᠬᠡᠷᠪᠡ ᠶᠠᠮᠠᠷ ᠨᠢᠭᠡᠨ ᠠᠰᠠᠭᠤᠯᠲᠠ ᠪᠤᠶᠤ ᠰᠠᠨᠠᠭᠤᠯᠭ᠎ᠠ ᠪᠠᠶᠢᠪᠠᠯ ᠂ ᠴᠠᠭ ᠲᠤᠬᠠᠢ ᠳᠤᠨᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠢ ᠬᠠᠷᠢᠯᠴᠠᠭᠠᠷᠠᠢ ᠃  ᠬᠠᠷᠢᠯᠴᠠᠬᠤ ᠠᠷᠭ᠎ᠠ ᠬᠡᠯᠪᠡᠷᠢ᠄  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠶᠯᠡᠴᠢᠯᠡᠭᠡᠨ ᠤ ᠲᠥᠪ᠄ ᠶᠠᠩ ᠢᠦᠶ ᠬᠤᠸᠠ ︵0471︶ 5259319  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ᠄ ᠴᠧᠩ ᠬᠤᠤ ︵0471︶ 5259449  ᠢᠮᠧᠯ᠄ nmgzjz23456@163.com    ᠲᠠᠭᠠᠯᠳᠤᠭᠤᠯᠤᠯ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠳᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ︽ᠠᠮᠤᠷ ᠲᠦᠪᠰᠢᠨ ᠤ ᠬᠠᠮᠢᠶᠠᠷᠤᠭᠴᠢ︾ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ ᠰᠡᠳᠦᠪ ᠤᠨ ᠬᠦᠮᠦᠷᠭᠡ.pdf

 

 

 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号