ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ | ᠡᠨᠡ ᠵᠢᠯ ᠤᠨ 1 ᠳ᠋ᠦ᠋ᠭᠡᠷ ᠰᠠᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ | ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠤᠨ ᠤᠰᠤ ᠠᠷᠪᠢᠯᠠᠬᠤ ᠶᠢ | ᠳᠡᠭᠡᠭᠰᠢᠯᠡᠭᠦᠯᠬᠦ ᠣᠨ﹀ ᠤ ᠠᠵᠢᠯᠯᠠᠭᠠᠨ ᠤ ᠲᠥᠰᠦᠯ︾ ᠢ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠬᠥᠭᠵᠢᠯᠲᠡ ᠶᠢ ᠠᠬᠢᠭᠤᠯᠵᠤ ᠂ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ ᠃ | ︽ᠲᠥᠰᠦᠯ︾ ᠳᠤ ᠳᠤᠷᠠᠳᠤᠭᠰᠠᠨ ᠨᠢ ᠂ ᠥᠪᠥᠷ ᠮᠣᠩᠭᠤᠯ ᠤᠰᠤ ᠠᠷᠪᠢᠯᠠᠬᠤ ᠢᠨᠵᠧᠨᠧᠷᠢᠩ ᠂ ᠤᠰᠤ | ᠠᠷᠪᠢᠯᠠᠬᠤ ᠲᠥᠬᠦᠭᠡᠷᠦᠮᠵᠢ ᠂ ᠤᠰᠤ ᠠᠷᠪᠢᠯᠠᠬᠤ ᠮᠡᠷᠭᠡᠵᠢᠯ ᠂ ᠤᠰᠤ ᠠᠷᠪᠢᠯᠠᠬᠤ ᠣᠶᠢᠯᠠᠭᠠᠭᠳᠠᠬᠤᠨ ᠂ ᠤᠰᠤ | ᠠᠷᠪᠢᠯᠠᠬᠤ ᠲᠣᠭᠲᠠᠴᠠ ᠵᠡᠷᠭᠡ 5 ᠲᠠᠯ᠎ᠠ ᠠᠴᠠ ᠭᠠᠷᠳᠠᠵᠤ ᠂ ᠬᠠᠮᠵᠢᠯᠴᠠᠨ ᠬᠦᠴᠦᠯᠡᠵᠦ ᠂ 2025 ᠣᠨ ᠳᠤ ᠥᠨᠳᠥᠷ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ | ᠪᠠᠶᠢᠭᠤᠯᠵᠤ ᠂ 150 ᠲᠦᠮᠡᠨ ᠮᠦ ᠬᠤᠭᠤᠯᠠᠢ ᠪᠠᠷ ᠤᠰᠤᠯᠠᠬᠤ ᠶᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ ᠂ 150 ᠲᠦᠮᠡᠨ ᠮᠦ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ | ᠲᠠᠯᠠᠪᠠᠶ ᠶᠢ ᠰᠢᠨ᠎ᠡ ᠪᠠᠷ ᠨᠡᠮᠡᠭᠳᠡᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠵᠢᠯ ᠳᠤ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ | ᠠᠷᠪᠢᠯᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ ᠂ ᠪᠥᠬᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ | ᠮᠠᠶ᠋ᠢᠭ ᠢ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ ᠃ | | ᠤᠰᠤ ᠠᠷᠪᠢᠯᠠᠬᠤ ᠢᠨᠵᠧᠨᠧᠷᠢᠩ ᠢ ᠠᠬᠢᠭᠤᠯᠵᠤ ᠤᠰᠤᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ︽ᠤᠰᠤ ᠠᠷᠪᠢᠯᠠᠬᠤ︾ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ ᠂ ︽ᠭᠤᠷᠪᠠ ᠶᠢ ᠡᠪᠳᠡᠵᠦ ᠂ ᠲᠠᠪᠤ ᠶᠢ ᠨᠢᠭᠡᠳᠬᠡᠵᠦ ᠂ ᠨᠢᠭᠡ ᠶᠢ | ᠲᠠᠬᠢᠨ ᠬᠤᠪᠢᠶᠠᠷᠢᠯᠠᠬᠤ︾ ᠪᠦᠳᠦᠭᠡᠨ ᠪᠠᠶᠢᠭᠤᠯᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠲᠠᠷᠢᠶᠠᠨ | ᠭᠠᠵᠠᠷᠴᠢᠯᠠᠭᠰᠠᠨ ᠭᠠᠵᠠᠷ ᠰᠢᠷᠣᠶ ᠶᠢ ᠲᠡᠭᠰᠢᠯᠡᠬᠦ ᠂ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ ᠪᠠᠷ ᠳᠠᠮᠵᠢᠭᠤᠯᠤᠨ ᠂ | ᠲᠠᠷᠢᠶᠠᠨ ᠭᠠᠵᠠᠷ ᠤᠨ ᠤᠰᠤ ᠬᠤᠷᠠᠮᠳᠤᠭᠤᠯᠤᠨ ᠴᠢᠭᠢᠭ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ | ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠤᠷᠠᠭᠤᠯᠤᠨ᠎ᠠ ᠃ ᠣᠳᠣ ᠶᠢᠨ ᠪᠠᠶᠢᠭ᠎ᠠ ᠤᠰᠤᠨ ᠤ ᠡᠬᠢ | ᠰᠤᠷᠪᠤᠯᠵᠢ ᠶᠢ ᠭᠦᠢᠴᠡᠳ ᠠᠰᠢᠭᠯᠠᠵᠤ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠤᠰᠤ | ᠬᠠᠳᠠᠭᠠᠯᠠᠬᠤ ᠬᠥᠭᠡᠷᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠵᠤ ᠂ ᠬᠠᠲᠤᠨ ᠭᠤᠣᠯ ᠤᠨ ᠤᠰᠤ ᠶᠢ ᠲᠠᠲᠠᠨ | ᠳᠤᠰᠤᠯᠭᠠᠨ ᠤᠰᠤᠯᠠᠬᠤ ᠂ ᠬᠤᠳᠳᠤᠭ ᠰᠤᠪᠠᠭ ᠤᠨ ᠬᠤᠣᠰ ᠤᠰᠤᠯᠠᠯᠲᠠ ᠵᠡᠷᠭᠡ ᠥᠨᠳᠥᠷ ᠦᠷ᠎ᠡ ᠠᠰᠢᠭ ᠲᠠᠢ | ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠪᠠᠶᠢᠭᠤᠯᠵᠤ ᠂ ᠥᠨᠳᠥᠷ | ᠪᠠᠷᠢᠮᠵᠢᠶᠠᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 20 ᠪᠠᠶᠢᠭᠤᠯᠤᠨ᠎ᠠ︔ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠲᠠᠷᠢᠶᠠᠨ ᠭᠠᠵᠠᠷ ᠤᠨ ᠤᠰᠤᠯᠠᠬᠤ ᠤᠰᠤ ᠵᠠᠯᠠᠬᠤ ᠰᠤᠪᠠᠭ ᠤᠨ | ᠰᠢᠰᠲ᠋ᠧᠮ ᠢ ᠲᠡᠭᠦᠯᠳᠡᠷᠵᠢᠭᠦᠯᠵᠦ ᠂ ᠤᠰᠤᠨ ᠰᠤᠪᠠᠭ ᠤᠨ ᠳᠣᠲᠣᠷᠯᠠᠨ ᠴᠣᠭᠴᠠᠯᠠᠭᠰᠠᠨ ᠤᠰᠤ ᠠᠷᠪᠢᠯᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠰᠢᠨ᠎ᠡ ᠪᠠᠷ ᠪᠠᠶᠢᠭᠤᠯᠤᠭᠰᠠᠨ ᠲᠠᠯᠠᠪᠠᠢ ᠨᠢ 37 | ᠲᠦᠮᠡᠨ ᠮᠦ ᠠᠴᠠ ᠪᠠᠭ᠎ᠠ ᠪᠠᠶᠢᠵᠤ ᠪᠤᠯᠬᠤ ᠦᠭᠡᠢ︔ ᠪᠣᠷᠣᠲᠣᠬᠤᠶ ᠂ ᠳ᠋ᠧᠩᠺᠸᠤ ᠵᠡᠷᠭᠡ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠤᠰᠤᠯᠠᠯᠲᠠ ᠶᠢᠨ ᠲᠠᠯᠠᠪᠠᠢ ᠶᠢ 30 ᠲᠦᠮᠡᠨ ᠮᠦ ᠠᠴᠠ ᠳᠡᠭᠡᠭᠰᠢ | ᠰᠠᠶᠢᠵᠢᠷᠠᠭᠤᠯᠤᠨ᠎ᠠ ᠃ | | ᠤᠰᠤ ᠠᠷᠪᠢᠯᠠᠬᠤ ᠲᠥᠬᠦᠭᠡᠷᠦᠮᠵᠢ ᠶᠢ ᠰᠢᠨᠡᠳᠬᠡᠵᠦ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠎ᠠ | ᠤᠤᠯ ᠤᠨ ᠪᠠᠶᠢᠭᠰᠠᠨ ᠬᠠᠭᠤᠴᠢᠨ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠢᠨᠡᠳᠬᠡᠵᠦ ᠂ | ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠬᠤᠭᠤᠯᠠᠶ ᠶᠢ ᠤᠰᠤᠯᠠᠬᠤ ᠵᠡᠷᠭᠡ ᠶᠢ ᠭᠤᠤᠯᠳᠠᠯᠭ᠎ᠠ ᠲᠠᠢ ᠥᠭᠡᠷᠡᠴᠢᠯᠡᠨ ᠲᠠᠰ ᠳᠡᠪᠰᠢᠭᠦᠯᠵᠦ ᠳᠤᠰᠤᠯᠭᠠᠨ ᠤᠰᠤᠯᠠᠬᠤ | ᠠᠵᠢᠯ ᠢ ᠥᠷᠨᠢᠭᠦᠯᠵᠦ ᠂ ᠤᠰᠤᠨ ᠤ ᠡᠬᠢ ᠰᠤᠷᠪᠤᠯᠵᠢ ᠶᠢ ᠰᠢᠨᠡᠴᠢᠯᠡᠬᠦ ᠶᠢ ᠥᠷᠨᠢᠭᠦᠯᠦᠨ ᠂ ᠳᠠᠷᠤᠯᠲᠠ ᠶᠢ ᠬᠠᠮᠠᠭᠠᠯᠠᠬᠤ | ᠲᠣᠨᠣᠭᠯᠠᠯ ᠂ ᠱᠦᠭᠦᠬᠦ ᠲᠣᠨᠣᠭᠯᠠᠯ ᠂ ᠪᠣᠷᠳᠣᠭᠤᠷ ᠣᠷᠣᠭᠤᠯᠬᠤ ᠲᠣᠨᠣᠭᠯᠠᠯ ᠂ ᠤᠶᠤᠨᠴᠢᠯᠠᠭᠰᠠᠨ ᠡᠵᠡᠮᠰᠢᠯ ᠤᠨ | ᠰᠢᠰᠲ᠋ᠧᠮ ᠵᠡᠷᠭᠡ ᠠᠩᠬᠠᠳᠠᠭᠴᠢ ᠬᠦᠢᠰᠦ ᠪᠠ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠲᠥᠬᠦᠭᠡᠷᠦᠮᠵᠢ ᠂ ᠤᠰᠤ | ᠳᠠᠮᠵᠢᠭᠤᠯᠬᠤ ᠪᠠ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠶᠢ ᠳᠣᠭᠢᠷᠠᠭᠤᠯᠵᠤ ᠂ ᠤᠰᠤᠯᠠᠵᠤ | ᠪᠣᠷᠳᠣᠭᠤᠷ ᠣᠷᠣᠭᠤᠯᠤᠨ ᠤᠶᠤᠨᠴᠢᠯᠠᠨ ᠡᠵᠡᠮᠳᠡᠬᠦ ᠪᠠ ᠨᠠᠷᠢᠯᠢᠭ ᠣᠨᠣᠴᠠᠲᠠᠢ ᠬᠠᠮᠢᠶᠠᠷᠬᠤ ᠶᠢ ᠪᠡᠶᠡᠯᠡᠭᠦᠯᠵᠦ ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠢᠨᠵᠧᠨᠧᠷᠢᠩ ᠳᠤ ᠲᠦᠰᠢᠭᠯᠡᠨ ᠬᠤᠭᠤᠯᠠᠢ ᠪᠠᠷ ᠤᠰᠤᠯᠠᠬᠤ ᠪᠠᠶᠢᠭᠰᠠᠨ ᠢ ᠳᠤᠰᠤᠯᠭᠠᠨ ᠤᠰᠤᠯᠠᠬᠤ | ᠪᠣᠯᠭᠠᠨ ᠥᠭᠡᠷᠡᠴᠢᠯᠡᠬᠦ ᠵᠡᠷᠭᠡ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ 150 ᠲᠦᠮᠡᠨ ᠮᠦ ᠬᠡᠷᠡᠭᠵᠢᠭᠦᠯᠵᠦ ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠦᠨᠡᠨ ᠬᠦ | ᠠᠬᠢᠭᠤᠯᠵᠤ ᠂ ᠤᠰᠤ ᠪᠣᠷᠳᠣᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | | ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠤᠰᠤ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠤᠨ ᠬᠦᠴᠢᠷ ᠠᠰᠠᠭᠤᠳᠠᠯ ᠤᠨ ᠲᠣᠭᠤᠷᠢᠨ ᠳᠤ ᠂ | ᠵᠠᠩᠭᠢᠯᠠᠭ᠎ᠠ ᠶᠢᠨ ᠮᠡᠷᠭᠡᠵᠢᠯ ᠪᠠ ᠴᠢᠬᠤᠯᠠ ᠶᠡᠭᠡ ᠲᠣᠨᠣᠭᠯᠠᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ | ᠲᠦᠷᠭᠡᠳᠬᠡᠵᠦ ᠂ ᠬᠤᠶᠠᠷ ᠤᠯᠤᠰ ᠤᠨ ᠲᠠᠰ ᠤᠨ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ︵ᠬᠠᠩᠭᠢᠨ ᠬᠤᠶᠢᠲᠤ ᠬᠤᠰᠢᠭᠤᠨ ᠤ ᠬᠠᠲᠤᠨ ᠭᠤᠤᠯ ᠤᠨ ᠤᠰᠤ ᠶᠢ ᠰᠢᠭᠤᠳ ᠱᠦᠭᠦᠵᠦ | ᠤᠰᠤᠯᠠᠬᠤ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠵᠠᠯᠠᠶᠢᠳ ᠬᠤᠰᠢᠭᠤᠨ ᠤ ᠤᠰᠤᠨ | ᠲᠤᠲᠤᠷᠭ᠎ᠠ ᠶᠢᠨ ᠰᠦᠯᠢᠶᠣᠣ ᠪᠦᠷᠬᠦᠪᠴᠢ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ | ᠬᠤᠷᠠᠮᠠᠯ ᠵᠢᠱᠢᠶ᠎ᠡ ᠦᠵᠡᠭᠦᠯᠬᠦ ᠰᠠᠭᠤᠷᠢᠨ ᠭᠠᠵᠠᠷ︶ ᠤᠨ ᠴᠢᠳᠠᠮᠵᠢ ᠪᠠ ᠠᠺᠠᠳᠧᠮᠢᠴᠢ ᠶᠢᠨ ᠬᠠᠮᠲᠤᠷᠠᠯᠴᠠᠭᠠᠨ ᠤ | ᠪᠦᠯᠬᠦᠮ ᠤᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠥᠨᠳᠥᠷ ᠪᠦᠲᠦᠮᠵᠢᠲᠡᠶ ᠤᠰᠤ ᠠᠷᠪᠢᠯᠠᠬᠤ | ᠤᠰᠤᠯᠠᠯᠲᠠ ᠶᠢᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠪᠠ ᠰᠢᠨ᠎ᠡ ᠶᠢ ᠡᠭᠦᠳᠬᠦ ᠶᠢ ᠬᠤᠷᠠᠮᠳᠤᠭᠤᠯᠤᠨ᠎ᠠ ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠵᠡᠷᠭᠡ ᠭᠤᠤᠯᠳᠠᠯᠭ᠎ᠠ ᠲᠠᠢ | ᠲᠥᠷᠥᠯ ᠵᠦᠢᠯ ᠳᠤ ᠲᠦᠰᠢᠭᠯᠡᠨ ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠂ | ᠣᠶᠤᠨᠴᠢ ᠨᠠᠷᠢᠯᠢᠭ ᠣᠨᠣᠴᠠᠲᠠᠶ ᠪᠠᠷ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠂ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠤᠰᠤ ᠪᠣᠷᠳᠣᠭᠤᠷ ᠤᠨ ᠬᠤᠤᠰ ᠡᠵᠡᠮᠳᠡᠯ ᠤᠨ ᠣᠶᠤᠨᠴᠢ | ᠲᠥᠬᠦᠭᠡᠷᠦᠮᠵᠢ ᠶᠢ ᠢᠵᠢ ᠪᠦᠷᠢᠳᠦᠭᠦᠯᠵᠦ ᠂ ᠲᠠᠷᠢᠶᠠᠨ ᠭᠠᠵᠠᠷ ᠲᠤ ᠲᠣᠭᠲᠠᠭᠤᠨ ᠤᠰᠤ ᠬᠠᠩᠭᠠᠬᠤ ᠪᠠ ᠳᠤᠰᠤᠯᠭᠠᠨ | ᠤᠰᠤᠯᠠᠬᠤ ᠤᠰᠤ ᠪᠣᠷᠳᠣᠭᠤᠷ ᠢ ᠨᠠᠷᠢᠯᠢᠭ ᠣᠨᠣᠴᠠᠲᠠᠶ ᠪᠠᠷ ᠬᠡᠷᠡᠭᠯᠡᠬᠦ ᠰᠢᠰᠲ᠋ᠧᠮ ᠢ ᠪᠠᠶᠢᠭᠤᠯᠵᠤ ᠂ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠤᠰᠤ | ᠪᠣᠷᠳᠣᠭᠤᠷ ᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠥᠷᠨᠢᠭᠦᠯᠦᠨ ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠶᠢ ᠠᠬᠢᠭᠤᠯᠬᠤ | ᠰᠢᠶᠠᠨ ᠢ20 ᠡᠭᠦᠳᠦᠨ ᠪᠠᠶᠢᠭᠤᠯᠤᠨ᠎ᠠ ᠃ | | ᠤᠰᠤ ᠠᠷᠪᠢᠯᠠᠬᠤ ᠤᠶᠢᠯᠠᠭᠠᠭᠳᠠᠬᠤᠨ ᠢ ᠤᠬᠠᠭᠤᠯᠵᠤ ᠤᠰᠤ ᠬᠡᠷᠡᠭᠯᠡᠬᠦ ᠤᠶᠢᠯᠠᠭᠠᠭᠳᠠᠬᠤᠨ ᠢ | ᠬᠤᠪᠢᠷᠠᠭᠤᠯᠤᠨ᠎ᠠ | ᠪᠦᠬᠦ ᠨᠡᠶᠢᠭᠡᠮ ᠳᠤ ᠲᠠᠷᠢᠶᠠᠯᠠᠩ ᠤᠨ ᠤᠰᠤ ᠠᠷᠪᠢᠯᠠᠬᠤ ᠰᠠᠨᠠᠭᠠᠴᠢᠯᠠᠭ᠎ᠠ ᠶᠢ ᠰᠠᠨᠠᠭᠠᠴᠢᠯᠠᠵᠤ ᠂ ᠪᠦᠬᠦ ᠣᠷᠣᠨ ᠤ | ᠠᠷᠠᠳ ᠲᠦᠮᠡᠨ ᠤ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠬᠤ ᠶᠢ ᠰᠠᠨᠠᠭᠠᠴᠢᠯᠠᠵᠤ ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠰᠤ ᠠᠷᠪᠢᠯᠠᠬᠤ ᠠᠭᠤᠷ | ᠠᠮᠢᠰᠬᠤᠯ ᠢ ᠪᠤᠢ ᠪᠣᠯᠭᠠᠵᠤ ᠂ ᠪᠦᠬᠦ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠨᠢᠭᠲᠠᠷᠠᠯ ᠤᠨ ᠬᠦᠴᠦᠨ ᠢ | ᠳᠡᠭᠡᠭᠰᠢᠯᠡᠭᠦᠯᠬᠦ ᠬᠡᠷᠡᠭᠲᠡᠶ ᠃ ᠨᠡᠶᠢᠭᠡᠮᠴᠢᠯᠡᠭᠰᠡᠨ ᠦᠢᠯᠡᠴᠢᠯᠡᠭᠡ ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠪᠣᠯᠪᠠᠰᠤᠷᠠᠯ ᠲᠠᠢ ᠤᠶᠠᠯᠳᠤᠭᠤᠯᠤᠨ ᠂ ᠰᠢᠨᠵᠢᠯᠡᠬᠦ ᠤᠬᠠᠭᠠᠨ | ᠮᠡᠷᠭᠡᠵᠢᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ︽ᠵᠠᠭᠤ ᠮᠢᠩᠭ᠎ᠠ | ᠲᠦᠮᠡᠨ︾ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ ᠂ ᠲᠠᠷᠢᠮᠠᠯ ᠤᠨ ᠲᠣᠮᠣ ᠡᠷᠦᠬᠡ ᠂ ᠬᠤᠷᠰᠢᠶ᠎ᠠ ᠵᠡᠷᠭᠡ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ ᠭᠤᠤᠯᠳᠠᠯᠭ᠎ᠠ ᠪᠣᠯᠭᠠᠨ ᠂ ᠺᠠᠳ᠋ᠷ ᠂ ᠮᠡᠷᠭᠡᠵᠢᠯ ᠤᠨ ᠠᠵᠢᠯᠲᠠᠨ | ᠪᠠ ᠤᠰᠤ ᠬᠡᠷᠡᠭᠯᠡᠬᠦ ᠭᠤᠤᠯ ᠴᠣᠭᠴᠠ ᠭᠤᠷᠪᠠᠨ ᠱᠠᠲᠤᠨ ᠤ ᠪᠣᠯᠪᠠᠰᠤᠷᠠᠯ ᠢ ᠰᠠᠶᠢᠲᠤᠷ ᠬᠢᠵᠦ ᠲᠠᠷᠢᠶᠠᠴᠢᠳ ᠤᠨ | ᠤᠰᠤ ᠬᠡᠷᠡᠭᠯᠡᠬᠦ ᠦᠵᠡᠯᠲᠡ ᠶᠢ ᠬᠤᠪᠢᠷᠠᠭᠤᠯᠤᠨ᠎ᠠ ᠃ | | ᠤᠰᠤ ᠠᠷᠪᠢᠯᠠᠬᠤ ᠲᠣᠭᠲᠠᠴᠠ ᠶᠢ ᠪᠠᠶᠢᠭᠤᠯᠵᠤ ᠥᠭᠡᠷᠡᠴᠢᠯᠡᠯᠲᠡ ᠶᠢ ᠴᠢᠩᠭᠠᠳᠬᠠᠨ᠎ᠠ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠠᠵᠠᠷ ᠣᠷᠣᠨ ᠤ ︽ᠳᠥᠷᠪᠡᠨ ᠵᠦᠢᠯ ᠤᠨ ᠲᠣᠭᠲᠠᠴᠠ︾ ᠶᠢᠨ ᠡᠷᠭᠢᠵᠦ | ᠬᠠᠷᠠᠬᠤ ᠶᠢ ᠥᠷᠨᠢᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠠᠯᠠᠪᠠᠶ ᠶᠢ 1000 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠪᠣᠰᠤᠭ᠎ᠠ | ᠳᠥᠷᠪᠡᠯᠵᠢᠨ ᠮᠧᠲᠷ ᠢᠶᠠᠷ ᠰᠦᠢᠳᠬᠡᠯ ᠬᠤᠷᠢᠶᠠᠬᠤ ᠂ ᠬᠡᠲᠦᠷᠡᠭᠦᠯᠦᠨ ᠬᠡᠷᠡᠭᠯᠡᠭᠡᠳ ᠦᠨ᠎ᠡ ᠨᠡᠮᠡᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ︔ ᠰᠢᠨ᠎ᠡ ᠪᠠᠷ ᠪᠠᠶᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠲᠥᠷᠥᠯ ᠵᠦᠢᠯ ᠤᠨ ᠣᠷᠣᠨ ᠳᠤ ᠬᠡᠮᠵᠢᠯᠲᠡ ᠶᠢᠨ ᠪᠡᠯᠡᠳᠬᠡᠮᠵᠢ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ ᠂ ᠨᠠᠷᠢᠯᠢᠭ | ᠣᠨᠣᠴᠠᠲᠠᠢ ᠪᠠᠷ ᠬᠡᠮᠵᠢᠬᠦ ᠪᠠ ᠤᠰᠤ ᠬᠡᠷᠡᠭᠯᠡᠬᠦ ᠰᠦᠢᠳᠭᠡᠯ ᠬᠤᠷᠢᠶᠠᠬᠤ ᠪᠠᠷ ᠲᠠᠷᠢᠶᠠᠯᠠᠩ ᠤᠨ ᠭᠦᠨᠴᠡ ᠲᠠᠢ ᠤᠰᠤ | ᠠᠷᠪᠢᠯᠠᠬᠤ ᠶᠢ ᠠᠬᠢᠭᠤᠯᠤᠨ ᠂ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠲᠠᠷᠢᠶᠠᠯᠠᠩ ᠤᠨ ︽ᠶᠡᠭᠡ | ᠤᠰᠤ ᠠᠷᠪᠢᠯᠠᠬᠤ︾ ᠲᠣᠭᠲᠠᠴᠠ ᠶᠢ ᠪᠠᠶᠢᠭᠤᠯᠵᠤ ᠂ ᠤᠰᠤᠨ ᠤ ᠡᠬᠢ ᠪᠠᠶᠠᠯᠢᠭ ᠤᠨ ᠬᠤᠪᠢᠶᠠᠷᠢᠯᠠᠯᠲᠠ ᠲᠠᠢ | ᠤᠶᠠᠯᠳᠤᠭᠤᠯᠤᠨ ᠂ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠶᠢ ᠣᠳᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠯᠦᠭᠡ ᠬᠠᠷᠢᠯᠴᠠᠨ ᠤᠶᠠᠯᠳᠤᠭᠤᠯᠵᠤ ᠂ ᠠᠮᠤ ᠪᠤᠳᠠᠭ᠎ᠠ ᠶᠢ | ᠬᠡᠪᠴᠢᠶᠡᠵᠢᠭᠰᠡᠨ ᠦᠢᠯᠡᠳᠪᠦᠷᠢᠯᠡᠯ ᠡᠵᠡᠩᠨᠡᠯᠲᠡ ᠲᠠᠢ ᠤᠶᠠᠯᠳᠤᠭᠤᠯᠵᠤ ᠂ ᠣᠨᠴᠠᠯᠢᠭᠲᠤ ᠳᠠᠪᠠᠭᠤᠯᠢᠭ ᠠᠵᠤ | ᠦᠢᠯᠡᠰ ᠢ ᠬᠥᠭᠵᠢᠭᠦᠯᠬᠦ ᠲᠠᠢ ᠤᠶᠠᠯᠳᠤᠭᠤᠯᠵᠤ ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢ ᠲᠤᠭᠲᠠᠭᠠᠬᠤ ᠂ ᠠᠵᠤ | ᠦᠢᠯᠡᠰ ᠤᠨ ᠣᠷᠣᠨ ᠪᠦᠰᠡᠴᠢᠯᠡᠭᠰᠡᠨ ᠪᠠᠶᠢᠷᠢᠰᠢᠭᠤᠯᠤᠯᠲᠠ ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠪᠠ | ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠢᠶᠠᠷ ᠲᠠᠷᠢᠶᠠᠯᠠᠩ ᠤᠨ ᠤᠰᠤ ᠠᠷᠪᠢᠯᠠᠬᠤ ᠶᠢ | ᠲᠦᠯᠬᠢᠨ ᠠᠬᠢᠭᠤᠯᠤᠨ᠎ᠠ ᠃ | |