︽ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ | ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ | ᠡᠷᠬᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 2024 ᠣᠨ ᠤ 12 | ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ | ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠪᠡ᠃ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠨ᠎ᠠ᠃ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠪᠣᠯ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠪᠠᠳᠠᠷᠠᠭᠤᠯᠵᠤ ᠪᠠᠶᠢᠭᠠᠳ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ | ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠬᠤ | ᠪᠥᠭᠡᠳ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠰᠤ ᠬᠡᠷᠡᠭᠯᠡᠬᠦ ᠡᠷᠬᠡ ᠶᠢᠨ ᠬᠠᠷᠢᠶᠠᠯᠠᠯ ᠨᠢ ᠲᠣᠳᠣᠷᠬᠠᠶ | ᠦᠭᠡᠶ᠂ ᠵᠠᠬ᠎ᠠ ᠳᠡᠯᠭᠡᠭᠦᠷ ᠤᠨ ᠪᠤᠶᠢᠵᠢᠯᠲᠠ ᠨᠢ ᠭᠦᠢᠴᠡᠳ ᠦᠭᠡᠶ᠂ ᠠᠷᠠᠯᠵᠢᠶ᠎ᠠ ᠨᠢ ᠬᠥᠭᠵᠢᠭᠡᠳᠦᠶ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠪᠠ᠃ ︽ | ᠬᠡᠷᠡᠭᠵᠢᠭᠦᠯᠬᠦ ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ | ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠣᠷᠣᠨ ᠤ ᠪᠠᠶᠢᠳᠠᠯ ᠤᠰᠤᠨ ᠤ ᠪᠠᠶᠢᠳᠠᠯ ᠳᠤ ᠰᠠᠭᠤᠷᠢᠯᠠᠨ | ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠰᠤ ᠪᠠᠷ ᠲᠣᠭᠲᠠᠭᠠᠬᠤ᠂ ᠤᠰᠤᠨ ᠤ | ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠤᠰᠤ ᠬᠡᠷᠡᠭᠯᠡᠬᠦ ᠡᠷᠬᠡ ᠶᠢ ᠠᠩᠬ᠎ᠠ ᠬᠤᠪᠢᠶᠠᠷᠢᠯᠠᠬᠤ ᠪᠠ ᠲᠣᠳᠣᠷᠬᠠᠶ | ᠪᠣᠯᠭᠠᠬᠤ ᠶᠢ ᠠᠬᠢᠭᠤᠯᠵᠤ᠂ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠂ | ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ | ᠲᠦᠪᠰᠢᠨ ᠢᠶᠠᠷ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ | ᠬᠤᠶᠠᠷ᠂ ᠭᠤᠣᠯ ᠦᠨᠳᠦᠰᠦᠯᠡᠯ | 1. ︽ᠤᠰᠤᠨ ᠠᠰᠢᠭᠯᠠᠯᠲᠠ ᠶᠢᠨ ᠶᠠᠮᠤᠨ ᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠡᠳ᠋ ᠤᠨ ᠵᠠᠰᠠᠭ ᠤᠨ ᠶᠠᠮᠤᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ | ᠵᠢᠯᠣᠭᠤᠳᠬᠤ ᠰᠠᠨᠠᠯ︾ ︵ᠤᠰᠤᠨ ᠡᠬᠢ ᠬᠠᠮᠢᠶᠠᠷᠤᠯᠲᠠ ﹇2022﹈ 333 ᠳ᠋ᠤᠭᠠᠷ ᠲᠣᠭᠠᠲᠤ︶ | 2. ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠲᠠᠯᠪᠢᠵᠤ ᠪᠠᠶᠢᠭ᠎ᠠ ᠤᠰᠤ ᠠᠪᠬᠤ | ᠭᠦᠢᠴᠡᠳᠭᠡᠯ ᠲᠤᠭ᠎ᠠ ᠶᠢ ᠰᠢᠢᠳᠪᠦᠷᠢᠯᠡᠬᠦ ᠶᠢᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 125 ᠳ᠋ᠤᠭᠠᠷ ᠲᠣᠭᠠᠲᠤ︶ | 3. ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠷᠬᠡ ᠶᠢᠨ ᠠᠷᠠᠯᠵᠢᠶᠠᠨ ᠤ | ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ﹀︾ ︵ᠥᠪᠥᠷ ᠵᠠᠰᠠᠭ ᠠᠯᠪᠠᠨ | ᠲᠠᠷᠬᠠᠭᠠᠭᠰᠠᠨ ﹇2017﹈ 16 ᠳ᠋ᠤᠭᠠᠷ ᠲᠣᠭᠠᠲᠤ︶ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠨᠢ ᠨᠡᠶᠢᠲᠡ ᠵᠢᠷᠭᠤᠭᠠᠨ ᠬᠡᠰᠡᠭ | ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ ᠃ ᠡᠭᠦᠨ ᠳᠤ ᠭᠤᠣᠯᠳᠠᠭᠤ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ ᠪᠠ ᠠᠵᠢᠯ ᠤᠨ ᠬᠠᠷᠠᠯᠲᠠ ᠶᠢ ᠪᠠᠭᠲᠠᠭᠠᠵᠤ᠂ ︽ᠤᠰᠤ ᠪᠠᠷ ᠲᠣᠭᠲᠠᠭᠠᠬᠤ᠂ ᠤᠰᠤᠨ ᠤ | ᠬᠡᠮᠵᠢᠶ᠎ᠡ ᠪᠠᠷ ᠬᠢᠬᠦ︔ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠬᠦ᠂ ᠵᠠᠬ᠎ᠠ ᠳᠡᠯᠭᠡᠭᠦᠷ ᠢᠶᠠᠷ | ᠲᠣᠬᠢᠷᠠᠭᠤᠯᠬᠤ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ︔ ᠲᠦᠷᠢᠮ ᠢ ᠪᠦᠷᠢᠨᠰᠢᠬᠦᠯᠵᠦ᠂ ᠠᠷᠠᠯᠵᠢᠶ᠎ᠠ ᠶᠢ ᠵᠢᠷᠤᠮᠵᠢᠭᠤᠯᠬᠤ︾ ᠪᠠᠷ ᠦᠨᠳᠦᠰᠦᠨ | ᠵᠠᠷᠴᠢᠮ ᠪᠣᠯᠭᠠᠵᠤ᠂ 2027 ᠣᠨ ᠪᠣᠯᠬᠤ ᠳᠤ ᠤᠰᠤᠨ ᠤ ᠡᠷᠬᠡ ᠶᠢ ᠠᠩᠬ᠎ᠠ ᠡᠬᠢᠯᠡᠵᠦ ᠬᠤᠪᠢᠶᠠᠷᠢᠯᠠᠬᠤ᠂ | ᠲᠣᠳᠣᠷᠬᠠᠶ ᠪᠠ ᠠᠷᠠᠯᠵᠢᠶᠠᠨ ᠤ ᠬᠠᠮᠢᠶᠠᠷᠤᠯᠲᠠ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠤᠨ | ᠲᠡᠭᠦᠯᠳᠡᠷᠵᠢᠭᠦᠯᠵᠦ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ᠂ | ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ | ᠬᠥᠭᠵᠢᠶᠡᠨᠲᠡᠶ ᠵᠠᠭᠪᠤᠷ ᠢ ᠰᠦᠪᠡᠭᠴᠢᠯᠡᠨ ᠪᠣᠶ ᠪᠣᠯᠭᠠᠨ᠎ᠠ︔ 2035 ᠣᠨ ᠪᠣᠯᠬᠤ ᠳᠤ ᠬᠠᠷᠢᠶᠠᠯᠠᠯ ᠨᠢ ᠲᠣᠳᠣᠷᠬᠠᠶ᠂ | ᠡᠷᠬᠡ ᠬᠠᠷᠢᠭᠤᠴᠠᠯᠭ᠎ᠠ ᠨᠢ ᠲᠣᠳᠣᠷᠬᠠᠶ᠂ ᠡᠷᠭᠢᠯᠲᠡ ᠨᠢ ᠰᠢᠯᠤᠭᠤᠳᠬᠠᠨ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ | ᠤᠰᠤ ᠬᠡᠷᠡᠭᠯᠡᠬᠦ ᠡᠷᠬᠡ ᠶᠢᠨ ᠲᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠤᠰᠤ ᠬᠡᠷᠡᠭᠯᠡᠬᠦ | ᠡᠷᠬᠡ ᠶᠢᠨ ᠥᠭᠡᠷᠡᠴᠢᠯᠡᠯᠲᠡ ᠳᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ | ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠦᠢᠯᠡᠳᠦᠯ ᠢ ᠪᠥᠬᠦ ᠲᠠᠯ᠎ᠠ ᠪᠠᠷ | ᠪᠠᠳᠠᠷᠠᠭᠤᠯᠤᠨ᠎ᠠ᠃ | ᠬᠤᠶᠠᠳᠤᠭᠠᠷ ᠬᠡᠰᠡᠭ ᠤᠰᠤ ᠬᠡᠷᠡᠭᠯᠡᠬᠦ ᠡᠷᠬᠡ ᠶᠢ ᠠᠩᠬ᠎ᠠ ᠬᠤᠪᠢᠶᠠᠷᠢᠯᠠᠬᠤ ᠶᠢ ᠲᠦᠷᠭᠡᠳᠬᠡᠬᠦ ᠪᠠ ᠲᠣᠳᠣᠷᠬᠠᠶ | ᠪᠣᠯᠭᠠᠨ᠎ᠠ ᠃ ᠭᠤᠣᠯᠳᠠᠭᠤ ᠤᠰᠤ ᠬᠡᠷᠡᠭᠯᠡᠬᠦ ᠡᠷᠬᠡ ᠶᠢᠨ ᠬᠤᠪᠢᠶᠠᠷᠢᠯᠠᠯᠲᠠ ᠪᠠ ᠲᠣᠳᠣᠷᠬᠠᠶ ᠱᠠᠭᠠᠷᠳᠠᠯᠭ᠎ᠠ ᠳᠤᠷᠠᠳᠴᠤ᠂ | ᠤᠰᠤ ᠬᠡᠷᠡᠭᠯᠡᠬᠦ ᠡᠷᠬᠡ ᠶᠢᠨ ᠬᠤᠪᠢᠶᠠᠷᠢᠯᠠᠯᠲᠠ ᠪᠠ ᠲᠣᠳᠣᠷᠬᠠᠶ ᠢᠯᠭᠠᠬᠤ ᠡᠲᠡᠭᠡᠳ ᠢ ᠲᠣᠳᠣᠷᠬᠠᠶᠢᠯᠠᠵᠤ᠂ | ᠡᠭᠦᠨ ᠳᠤ ᠣᠷᠣᠨ ᠪᠦᠰᠡ ᠶᠢᠨ ᠤᠰᠤᠨ ᠤ ᠡᠷᠬᠡ ᠪᠠ ᠤᠰᠤ ᠬᠡᠷᠡᠭᠯᠡᠬᠦ ᠡᠷᠦᠬᠡ ︵ᠤᠰᠤ ᠠᠪᠬᠤ ᠵᠥᠪᠰᠢᠶᠡᠷᠡᠯ ᠤᠨ | ᠬᠠᠮᠢᠶᠠᠷᠤᠯᠲᠠ ᠳᠤ ᠬᠠᠤᠯᠢ ᠶᠣᠰᠣᠭᠠᠷ ᠣᠷᠣᠭᠤᠯᠤᠭᠰᠠᠨ ᠨᠢᠭᠡᠴᠢ ᠪᠤᠶᠤ ᠬᠤᠪᠢ ᠬᠥᠮᠦᠨ᠂ ᠤᠰᠤᠯᠠᠯᠲᠠ ᠶᠢᠨ | ᠣᠷᠣᠨ ᠤ ᠳᠣᠲᠣᠷᠠᠬᠢ ᠤᠰᠤᠯᠠᠯᠲᠠ ᠳᠤ ᠬᠡᠷᠡᠭᠯᠡᠬᠦ ᠤᠰᠤᠨ ᠤ ᠡᠷᠦᠬᠡ ᠪᠠ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠴᠤ ᠪᠠᠶᠢᠭ᠎ᠠ ᠤᠰᠤᠨ ᠴᠥᠭᠦᠷᠥᠮ᠂ ᠤᠰᠤᠨ | ᠴᠥᠭᠦᠷᠥᠮ ᠤᠨ ᠤᠰᠤ ᠬᠠᠩᠭᠠᠬᠤ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ᠂ ᠤᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠶ ᠶᠢᠨ ᠲᠣᠣᠷ ᠪᠠ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠬᠡᠪᠴᠢᠶᠡᠨ | ᠳᠣᠲᠣᠷᠠᠬᠢ ᠤᠰᠤ ᠬᠡᠷᠡᠭᠯᠡᠬᠦ ᠡᠷᠦᠬᠡ᠂ ᠬᠡᠪ ᠤᠨ ᠪᠤᠰᠤ ᠤᠰᠤᠨ ᠤ ᠡᠬᠢ ᠪᠠᠶᠠᠯᠢᠭ ᠤᠨ ᠤᠰᠤ ᠬᠡᠷᠡᠭᠯᠡᠬᠦ ᠡᠷᠦᠬᠡ︶ | ᠶᠢᠨ ᠤᠰᠤ ᠬᠡᠷᠡᠭᠯᠡᠬᠦ ᠡᠷᠬᠡ ᠶᠢ ᠪᠠᠭᠲᠠᠭᠠᠭᠰᠠᠨ ᠤᠰᠤ ᠬᠡᠷᠡᠭᠯᠡᠬᠦ ᠡᠷᠬᠡ ᠶᠢ ᠲᠣᠳᠣᠷᠬᠠᠶᠢᠯᠠᠪᠠ᠃ ᠤᠰᠤ ᠬᠡᠷᠡᠭᠯᠡᠬᠦ | ᠡᠷᠬᠡ ᠨᠢ ᠲᠣᠳᠣᠷᠬᠠᠶ ᠬᠠᠷᠢᠭᠤᠴᠠᠯᠭ᠎ᠠ ᠶᠢᠨ ᠭᠤᠤᠯ ᠴᠣᠭᠴᠠ ᠪᠠ ᠠᠷᠭ᠎ᠠ ᠮᠠᠶ᠋ᠢᠭ ᠢ ᠲᠣᠭᠲᠠᠭᠠᠵᠤ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠤᠰᠤ ᠬᠡᠷᠡᠭᠯᠡᠬᠦ ᠭᠡᠷᠡᠴᠢ ᠲᠡᠮᠳᠡᠭ ᠢᠶᠠᠷ ᠳᠠᠮᠵᠢᠭᠤᠯᠤᠨ ᠤᠰᠤ ᠬᠡᠷᠡᠭᠯᠡᠬᠦ ᠡᠷᠦᠬᠡ ᠶᠢᠨ ᠤᠰᠤ | ᠬᠡᠷᠡᠭᠯᠡᠬᠦ ᠡᠷᠬᠡ ᠶᠢ ᠲᠣᠳᠣᠷᠬᠠᠶ ᠪᠣᠯᠭᠠᠪᠠ᠃ ᠡᠭᠦᠨ ᠳᠤ ᠲᠣᠭᠤᠷᠢᠭ ᠲᠠᠢ ᠬᠤᠲᠠ ᠶᠢᠨ ᠲᠥᠯᠥᠪᠵᠢᠭᠦᠯᠭᠡ ᠶᠢᠨ | ᠣᠷᠣᠨ ᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠳᠣᠲᠣᠷᠠᠬᠢ ᠤᠰᠤ ᠬᠡᠷᠡᠭᠯᠡᠬᠦ | ᠡᠷᠦᠬᠡ ᠶᠢᠨ ᠤᠰᠤ ᠬᠡᠷᠡᠭᠯᠡᠬᠦ ᠡᠷᠬᠡ ᠨᠢ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤ ᠬᠡᠷᠡᠭᠯᠡᠭᠰᠡᠨ ᠭᠡᠷᠡᠴᠢ ᠪᠠᠷᠢᠮᠲᠠ ᠪᠠᠷ ᠳᠠᠮᠵᠢᠵᠤ | ᠲᠣᠳᠣᠷᠬᠠᠶ ᠪᠠᠶᠢᠬᠤ ᠬᠡᠷᠡᠭᠲᠡᠶ᠃ ᠡᠭᠦᠨ ᠤ ᠬᠠᠮᠲᠤ ᠤᠰᠤ ᠬᠡᠷᠡᠭᠯᠡᠬᠦ ᠡᠷᠬᠡ ᠶᠢᠨ ᠬᠤᠭᠤᠴᠠᠭ᠎ᠠ᠂ ᠬᠡᠷᠡᠭᠯᠡᠯᠲᠡ ᠪᠠ | ᠤᠰᠤ ᠬᠡᠷᠡᠭᠯᠡᠬᠦ ᠭᠡᠷᠡᠴᠢ ᠪᠠᠷᠢᠮᠲᠠ ᠳᠤ ᠵᠢᠭᠰᠠᠭᠠᠭᠰᠠᠨ ᠠᠭᠤᠯᠭ᠎ᠠ ᠶᠢ ᠲᠣᠭᠲᠠᠭᠠᠪᠠ᠃ | ᠭᠤᠷᠪᠠᠳᠤᠭᠠᠷ ᠬᠡᠰᠡᠭ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠎ᠠ᠃ | ᠣᠷᠣᠨ ᠪᠦᠰᠡ ᠶᠢᠨ ᠤᠰᠤᠨ ᠤ ᠡᠷᠬᠡ ᠶᠢᠨ ᠠᠷᠠᠯᠵᠢᠶ᠎ᠠ ᠪᠠ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ | ᠡᠷᠬᠡ ᠶᠢᠨ ᠠᠷᠠᠯᠵᠢᠶ᠎ᠠ ᠶᠢ ᠲᠦᠯᠬᠢᠨ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤᠷᠠᠳᠪᠠ᠃ | ᠡᠭᠦᠨ ᠳᠤ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠳᠤ ᠤᠰᠤ ᠠᠪᠬᠤ ᠡᠷᠦᠬᠡ ᠶᠢᠨ | ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ᠂ ᠤᠰᠤᠯᠠᠯᠲᠠ ᠳᠤ ᠬᠡᠷᠡᠭᠯᠡᠬᠦ ᠤᠰᠤᠨ ᠤ ᠡᠷᠦᠬᠡ ᠶᠢᠨ ᠤᠰᠤ ᠬᠡᠷᠡᠭᠯᠡᠬᠦ | ᠡᠷᠬᠡ ᠶᠢᠨ ᠠᠷᠠᠯᠵᠢᠶ᠎ᠠ᠂ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠪᠠ ᠲᠥᠪᠯᠡᠷᠡᠭᠦᠯᠦᠨ ᠤᠰᠤ | ᠬᠠᠩᠭᠠᠬᠤ ᠢᠨᠵᠧᠨᠧᠷᠢᠩ ᠤᠨ ᠤᠰᠤ ᠬᠡᠷᠡᠭᠯᠡᠬᠦ ᠡᠷᠦᠬᠡ᠂ ᠬᠡᠪ ᠤᠨ ᠪᠤᠰᠤ ᠤᠰᠤᠨ ᠤ ᠡᠬᠢ ᠪᠠᠶᠠᠯᠢᠭ ᠤᠨ ᠤᠰᠤ | ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠪᠠᠭᠲᠠᠨ᠎ᠠ᠃ ᠠᠳᠠᠯᠢ ᠪᠤᠰᠤ ᠲᠥᠷᠥᠯ ᠬᠡᠯᠪᠡᠷᠢ ᠶᠢᠨ | ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠳᠤ ᠴᠢᠭᠯᠡᠭᠦᠯᠦᠨ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠨᠥᠬᠦᠴᠡᠯ᠂ | ᠴᠠᠭ ᠬᠤᠭᠤᠴᠠᠭ᠎ᠠ ᠪᠠ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠵᠡᠷᠭᠡ ᠶᠢ ᠳᠤᠷᠠᠳᠤᠨ ᠭᠠᠷᠭᠠᠪᠠ᠃ ᠡᠯ᠎ᠡ | ᠭᠠᠵᠠᠷ ᠤᠨ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢ ᠠᠮᠢ ᠠᠬᠤᠶ ᠶᠢᠨ ᠦᠢᠯᠡᠳᠬᠦᠨ ᠤ ᠥᠷᠲᠡᠭ ᠢ | ᠪᠡᠶᠡᠯᠡᠭᠦᠯᠬᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠴᠢᠬᠤᠯᠠ ᠠᠷᠭ᠎ᠠ ᠪᠠᠷᠢᠯ ᠪᠣᠯᠭᠠᠵᠤ᠂ ᠤᠰᠤ | ᠬᠡᠷᠡᠭᠯᠡᠬᠦ ᠡᠷᠬᠡ ᠪᠠᠨ ᠳᠠᠨᠵᠢᠯᠠᠬᠤ᠂ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ ᠪᠠ ᠨᠡᠭᠡᠭᠡᠨ ᠠᠰᠢᠭᠯᠠᠬᠤ ᠵᠡᠷᠭᠡ ᠳᠤ ᠪᠡᠯᠡ ᠲᠣᠬᠢᠷᠠᠭᠤᠯᠭ᠎ᠠ ᠶᠢᠨ | ᠳᠡᠮᠵᠢᠯᠭᠡ ᠶᠢ ᠬᠠᠩᠭᠠᠨ᠎ᠠ᠃ | ᠳᠥᠷᠪᠡᠳᠦᠭᠡᠷ ᠬᠡᠰᠡᠭ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ᠎ᠠ᠃ | ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠳᠤ ᠠᠷᠠᠯᠵᠢᠶᠠᠯᠠᠬᠤ ᠠᠷᠭ᠎ᠠ ᠮᠠᠶ᠋ᠢᠭ ᠪᠠ ᠲᠠᠪᠴᠠᠩ ᠢ ᠠᠮᠢᠳᠤᠯᠢᠭ ᠢᠶᠠᠷ | ᠰᠣᠩᠭᠤᠵᠤ ᠪᠣᠯᠤᠨ᠎ᠠ᠂ ᠠᠷᠠᠯᠵᠢᠶᠠᠯᠠᠬᠤ ᠠᠷᠭ᠎ᠠ ᠮᠠᠶ᠋ᠢᠭ ᠨᠢ ᠭᠤᠤᠯᠳᠠᠭᠤ ᠢᠯᠡ ᠪᠠᠷ ᠠᠷᠠᠯᠵᠢᠶᠠᠯᠠᠬᠤ᠂ | ᠵᠥᠪᠳᠡᠯᠴᠡᠬᠡᠷ ᠢᠶᠠᠷ ᠰᠢᠯᠵᠢᠭᠦᠯᠦᠨ ᠥᠭᠬᠦ᠂ ᠵᠠᠰᠠᠭ ᠤᠨ ᠣᠷᠳᠣᠨ ᠡᠭᠡᠭᠦᠯᠦᠨ ᠬᠤᠳᠠᠯᠳᠤᠨ ᠠᠪᠬᠤ ᠵᠡᠷᠭᠡ ᠪᠣᠯᠤᠨ᠎ᠠ᠂ | ᠡᠯ᠎ᠡ ᠭᠠᠵᠠᠷ ᠣᠷᠣᠨ ᠤ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠦᠨ᠎ᠡ ᠬᠠᠩᠰᠢ ᠶᠢᠨ ᠪᠦᠷᠢᠯᠳᠦᠬᠦ ᠪᠠ ᠠᠰᠢᠭ | ᠲᠤᠰᠠ ᠶᠢᠨ ᠨᠥᠬᠦᠪᠥᠷᠢ ᠥᠭᠬᠦ ᠲᠣᠭᠲᠠᠴᠠ ᠶᠢ ᠪᠦᠷᠢᠨᠰᠢᠭᠦᠯᠬᠦ ᠶᠢ ᠵᠣᠷᠢᠭᠵᠢᠭᠤᠯᠵᠤ᠂ ᠤᠰᠤᠯᠠᠯᠲᠠ ᠶᠢᠨ ᠣᠷᠣᠨ ᠤ | ᠤᠰᠤ ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ᠂ ᠤᠰᠤ ᠠᠷᠪᠢᠯᠠᠬᠤ ᠪᠠᠷᠢᠯᠭ᠎ᠠ ᠪᠠ | ᠤᠰᠤ ᠬᠡᠮᠵᠢᠬᠦ ᠪᠡᠯᠡᠳᠬᠡᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢᠨ ᠵᠠᠷᠤᠳᠠᠯ᠂ ᠤᠰᠤ ᠠᠷᠪᠢᠯᠠᠬᠤ | ᠢᠨᠵᠧᠨᠧᠷᠢᠩ ᠤᠨ ᠰᠢᠨᠡᠴᠢᠯᠡᠵᠦ ᠥᠭᠡᠷᠡᠴᠢᠯᠡᠬᠦ ᠵᠠᠷᠤᠳᠠᠯ᠂ ᠠᠳᠠᠯᠢ ᠪᠤᠰᠤ ᠤᠰᠤ ᠬᠡᠷᠡᠭᠯᠡᠬᠦ ᠶᠢ ᠪᠠᠲᠤᠯᠠᠬᠤ | ᠨᠣᠷᠮ᠎ᠠ ᠠᠴᠠ ᠪᠣᠯᠵᠣ ᠲᠠᠷᠢᠶᠠᠯᠠᠩ ᠤᠨ ᠬᠤᠬᠢᠷᠠᠯ ᠤᠨ ᠨᠥᠬᠦᠪᠥᠷᠢ ᠵᠠᠷᠤᠳᠠᠯ᠂ ᠴᠢᠬᠤᠯᠠ ᠪᠥᠬᠦᠶ ᠠᠵᠤ ᠠᠬᠤᠶ ᠶᠢᠨ | ᠠᠰᠢᠭ ᠲᠤᠰᠠ ᠪᠠ ᠠᠮᠢ ᠠᠬᠤᠶ ᠶᠢᠨ ᠨᠥᠬᠦᠪᠥᠷᠢ ᠵᠠᠷᠤᠳᠠᠯ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃ ᠡᠯ᠎ᠡ | ᠠᠶᠢᠮᠠᠭ ᠬᠤᠲᠠ ᠵᠢᠴᠢ ᠬᠤᠰᠢᠭᠤ ᠰᠢᠶᠠᠨ ᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠤᠨ ᠰᠤᠯᠠ ᠲᠠᠯᠪᠢᠵᠤ ᠪᠠᠶᠢᠭ᠎ᠠ ᠤᠰᠤ ᠬᠡᠷᠡᠭᠯᠡᠬᠦ ᠡᠷᠬᠡ ᠶᠢ ᠠᠮᠢᠳᠤᠯᠢᠭ ᠪᠣᠯᠭᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠬᠡᠰᠡᠭ ᠬᠢᠨᠠᠨ ᠬᠡᠮᠵᠢᠵᠦ ᠬᠡᠮᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ ᠃ ᠡᠭᠦᠨ ᠳᠤ | ᠭᠤᠣᠯᠳᠠᠭᠤ ᠤᠰᠤ ᠠᠪᠴᠤ ᠬᠡᠷᠡᠭᠯᠡᠬᠦ ᠶᠢ ᠬᠢᠨᠠᠨ ᠬᠡᠮᠵᠢᠬᠦ ᠪᠠ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠵᠡᠷᠭᠡ ᠪᠠᠭᠲᠠᠨ᠎ᠠ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠢᠨᠠᠨ ᠬᠡᠮᠵᠢᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠬᠡᠷᠡᠭᠯᠡᠬᠦ | ᠡᠷᠬᠡ ᠶᠢ ᠠᠩᠬ᠎ᠠ ᠬᠤᠪᠢᠶᠠᠷᠢᠯᠠᠬᠤ᠂ ᠲᠣᠳᠣᠷᠬᠠᠶ ᠪᠣᠯᠭᠠᠬᠤ ᠪᠠ ᠠᠷᠠᠯᠵᠢᠶᠠᠯᠠᠬᠤ ᠶᠢ ᠠᠬᠢᠭᠤᠯᠬᠤ ᠳᠤ ᠰᠠᠭᠤᠷᠢ | ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠳᠤᠮᠳᠠ ᠣᠯᠵᠤ | ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ | ᠢᠲᠡᠭᠡᠮᠵᠢ ᠶᠢᠨ ᠦᠨᠡᠯᠡᠯᠲᠡ ᠬᠠᠮᠢᠶᠠᠷᠤᠯᠲᠠ ᠳᠤ ᠣᠷᠣᠭᠤᠯᠤᠨ᠎ᠠ᠃ | ᠵᠢᠷᠭᠤᠳᠤᠭᠠᠷ ᠬᠡᠰᠡᠭ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠃ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢᠨ ᠬᠤᠯᠪᠣᠭᠳᠠᠬᠤ ᠬᠡᠪᠴᠢᠶ᠎ᠡ ᠥᠷᠭᠡᠨ᠂ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ ᠪᠣᠯᠬᠤᠷ | ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠰᠠᠯᠠᠭ᠎ᠠ | ᠮᠥᠴᠢᠷ ᠤᠨ ᠬᠠᠮᠵᠢᠯᠴᠠᠬᠤ ᠲᠣᠭᠲᠠᠴᠠ ᠶᠢ ᠴᠢᠩᠭᠠᠳᠬᠠᠵᠤ᠂ ᠡᠯ᠎ᠡ ᠭᠠᠵᠠᠷ ᠤᠨ ᠬᠢᠨ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢ ᠠᠬᠢᠭᠤᠯᠬᠤ ᠶᠢ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠬᠤ ᠳᠦᠷᠢᠮ ᠢ | ᠨᠠᠶᠢᠳᠠᠪᠤᠷᠢᠵᠢᠭᠤᠯᠬᠤ ᠨᠢᠭᠡ ᠵᠦᠢᠯ ᠤᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠤᠰᠤᠨ ᠠᠰᠢᠭᠯᠠᠯᠲᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠤᠰᠤ | ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠢᠨ ᠲᠥᠯᠥᠭᠡ ᠲᠤᠯᠭᠠᠭᠤᠷᠢᠯᠠᠬᠤ ᠪᠠᠲᠤᠯᠠᠭ᠎ᠠ ᠪᠠᠨ | ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠶ ᠭᠡᠵᠦ ᠱᠠᠭᠠᠷᠳᠠᠪᠠ᠃ | |