︽ᠠᠷᠠᠣᠠ ᠤᠨ ᠡᠳᠦᠷ ᠤᠨ ᠰᠣᠨᠢᠠ︾ ︵2025 ᠣᠨ ᠤ 04 ᠳ᠋ᠦ᠋ᠭᠡᠷ ᠰᠠᠷ᠎ᠠ ᠶᠢᠨ 10 ᠤ ᠡᠳᠦᠷ ᠤᠨ | 01 ᠳ᠋ᠦ᠋ᠭᠡᠷ ᠬᠡᠪᠯᠠᠯ︶ | ᠠᠷᠠᠣᠠ ᠤᠨ ᠡᠳᠦᠷ ᠤᠨ ᠰᠣᠨᠢᠠ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ | ᠮᠡᠳᠡᠭᠡ ︵ᠰᠣᠷᠪᠤᠯᠵᠢᠯᠠᠬᠴᠢ ᠸᠠᠩ ᠬᠤᠤ ᠂ ᠳ᠋ᠧᠩ ᠵᠢᠶᠠᠨ ᠶᠠᠩ︶ 4 ᠳ᠋ᠦ᠋ᠭᠡᠷ ᠰᠠᠷ᠎ᠠ ᠶᠢᠨ ᠡᠬᠢ ᠪᠤᠯᠲᠠᠯ᠎ᠠ ᠂ 23 | ᠮᠣᠵᠢ ᠬᠠᠪᠤᠷ ᠤᠨ ᠣᠰᠣᠯᠠᠯᠲᠠ ᠡᠭᠢᠯᠠᠵᠤ ᠂ ᠤᠰᠤᠯᠠᠯᠲᠠ ᠶᠢᠨ ᠲᠠᠯᠠᠪᠠᠢ ᠨᠢ ᠨᠠᠶᠢᠲᠠ 1.2 ᠳ᠋ᠦᠩᠰᠢᠭᠤᠷ ᠮᠦ ᠠᠴᠠ | ᠲᠠᠪᠡᠵᠤ ᠂ ᠡᠭᠦᠠ ᠤ ᠳᠣᠲᠣᠷ᠎ᠠ 2200 ᠭᠠᠷᠣᠢ ᠳᠣᠮᠤ ᠳᠣᠮᠲᠠ ᠬᠡᠯᠪᠠᠷᠢ ᠶᠢᠨ ᠣᠰᠣᠯᠠᠯᠲᠠ ᠶᠢᠨ ᠣᠷᠣᠠ ᠪᠠᠶᠢᠵᠦ ᠂ | ᠣᠰᠣᠯᠠᠯᠲᠠ ᠶᠢᠨ ᠲᠠᠯᠠᠪᠠᠢ ᠨᠢ 1 ᠳ᠋ᠦᠩᠰᠢᠭᠤᠷ ᠮᠦ ᠠᠴᠠ ᠲᠠᠪᠡᠵᠠᠢ ᠃ ᠤᠰᠤᠨ ᠠᠰᠢᠭᠯᠠᠯᠲᠠ ᠶᠢᠨ ᠶᠠᠮᠤᠨ ᠠᠴᠠ | ᠡᠯ᠎ᠡ ᠭᠠᠵᠠᠷ ᠤᠨ ᠤᠰᠤᠨ ᠰᠢᠨᠵᠢᠯᠡᠭᠡᠨ ᠤ ᠲᠣᠬᠢᠷᠠᠭᠤᠯᠤᠯᠲᠠ ᠶᠢ ᠴᠢᠩᠭᠠᠳᠬᠠᠬᠤ ᠂ ᠰᠢᠨᠵᠢᠯᠡᠬᠦ ᠤᠬᠠᠭᠠᠨᠴᠢ ᠪᠠᠷ | ᠤᠰᠤᠯᠠᠬᠤ ᠶᠢ ᠬᠡᠷᠡᠭᠵᠢᠭᠦᠯᠬᠦ ᠶᠢ ᠵᠢᠯᠣᠭᠤᠳᠬᠤ ᠶᠢᠨ ᠬᠠᠮᠲᠤ ᠂ ᠤᠰᠤ ᠬᠠᠳᠠᠭᠠᠯᠠᠵᠤ ᠤᠰᠤ ᠶᠢ ᠪᠠᠲᠤᠯᠠᠬᠤ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠂ ᠤᠰᠤᠯᠠᠯᠲᠠ ᠳᠤ ᠬᠡᠷᠡᠭᠯᠡᠬᠦ ᠤᠰᠤᠨ ᠤ ᠴᠢᠨᠠᠷ ᠢ ᠦᠨᠡᠨ ᠬᠦ ᠪᠠᠲᠤᠯᠠᠵᠤ ᠂ | ᠤᠰᠤᠯᠠᠯᠲᠠ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢ ᠰᠢᠪᠠᠳᠠᠨ᠎ᠠ ᠃ | ᠤᠰᠤᠨ ᠠᠰᠢᠭᠯᠠᠯᠲᠠ ᠶᠢᠨ ᠶᠠᠮᠤᠨ ᠠᠴᠠ ᠬᠠᠷᠠᠬᠠᠨ ᠤᠰᠤᠯᠠᠵᠤ ᠡᠬᠢᠯᠡᠭᠡᠳᠦᠢ ᠮᠤᠵᠢ ᠶᠢ ᠵᠢᠭᠠᠨ ᠵᠢᠯᠤᠭᠤᠳᠴᠤ | ᠪᠠᠶᠢᠭᠠᠳ ᠴᠠᠭ ᠲᠣᠬᠢᠶᠠᠯ ᠢ ᠠᠮᠵᠢᠨ ᠤᠰᠤ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠣᠳᠣᠬᠠᠨ ᠳᠤ ᠂ | ᠵᠡᠭᠦᠨ ᠬᠤᠶᠢᠲᠤ ᠣᠷᠣᠨ ᠵᠡᠷᠭᠡ ᠭᠠᠵᠠᠷ ᠤᠰᠤᠯᠠᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ | ᠢᠳᠡᠪᠬᠢᠲᠡᠶ ᠰᠠᠶᠢᠲᠤᠷ ᠬᠢᠵᠦ ᠂ ᠠᠷᠭ᠎ᠠ ᠵᠠᠮ ᠢᠶᠠᠷ ᠤᠰᠤ ᠣᠷᠣᠭᠤᠯᠵᠤ ᠤᠷᠢᠳᠴᠢᠯᠠᠨ ᠤᠰᠤ ᠬᠠᠳᠠᠭᠠᠯᠠᠵᠤ ᠪᠠᠶᠢᠨ᠎ᠠ ᠃ | ᠬᠠᠷᠠᠮᠦ᠋ᠷᠡᠨ ᠤ ᠴᠢᠩ ᠯᠦᠩ ᠱᠠᠨ ᠤ ᠤᠰᠤᠯᠠᠯᠲᠠ ᠶᠢᠨ ᠣᠷᠣᠨ 3 ᠳ᠋ᠤᠭᠠᠷ ᠰᠠᠷ᠎ᠠ ᠶᠢᠨ 25 ᠤ ᠡᠳᠦᠷ ᠮᠥᠰᠥ | ᠬᠠᠶᠢᠯᠬᠤ ᠬᠥᠭᠡᠷᠭᠡ ᠪᠠᠨ ᠨᠡᠪᠲᠡᠷᠡᠭᠦᠯᠵᠦ ᠂ ᠣᠲᠣ ᠪᠣᠯᠲᠠᠯ᠎ᠠ ᠨᠡᠶᠢᠲᠡ 4000 ᠲᠦᠮᠡᠨ ᠪᠣᠰᠤᠭ᠎ᠠ ᠳᠥᠷᠪᠡᠯᠵᠢᠨ | ᠮᠧᠲᠷ ᠤᠰᠤ ᠬᠠᠳᠠᠭᠠᠯᠠᠵᠤ ᠂ ᠤᠰᠤᠯᠠᠯᠲᠠ ᠶᠢᠨ ᠣᠷᠣᠨ ᠤ ᠪᠥᠬᠦ ᠴᠠᠷᠠᠭ᠎ᠠ ᠳᠤ ᠳᠡᠪᠲᠦᠭᠡᠭᠰᠡᠨ ᠲᠠᠷᠢᠶᠠᠨ ᠭᠠᠵᠠᠷ ᠤᠨ | ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠪᠠ ᠃ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ | 4 ᠳ᠋ᠦ᠋ᠭᠡᠷ ᠰᠠᠷ᠎ᠠ ᠶᠢᠨ 7 ᠤ ᠡᠳᠦᠷ ᠶᠡᠷᠦᠩᠬᠡᠶ ᠭᠤᠤᠯ ᠰᠤᠪᠠᠭ ᠤᠨ ᠡᠬᠢᠨ ᠤ ᠬᠠᠭᠠᠯᠲᠠ ᠶᠢ ᠨᠡᠭᠡᠭᠡᠨ ᠤᠰᠤ | ᠲᠠᠯᠪᠢᠵᠤ ᠂ 2025 ᠣᠨ ᠤ ᠬᠠᠪᠤᠷ ᠵᠣᠨ ᠤ ᠤᠰᠤᠯᠠᠯᠲᠠ ᠶᠢᠨ ᠠᠵᠢᠯ ᠪᠥᠬᠦ ᠲᠠᠯ᠎ᠠ ᠪᠠᠷ ᠡᠬᠢᠯᠡᠪᠡ ᠃ | ᠤᠰᠤᠨ ᠠᠰᠢᠭᠯᠠᠯᠲᠠ ᠶᠢᠨ ᠶᠠᠮᠤᠨ ᠠᠴᠠ ᠣᠷᠣᠨ ᠨᠤᠲᠤᠭ ᠢ ᠵᠣᠬᠢᠶᠠᠨ ᠪᠠᠶᠢᠭᠤᠯᠤᠨ ᠤᠰᠤᠯᠠᠯᠲᠠ ᠶᠢᠨ | ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠢᠳᠡᠪᠬᠢᠲᠡᠢ ᠥᠷᠨᠢᠭᠦᠯᠵᠦ ᠂ ᠤᠰᠤᠨ ᠤ ᠴᠢᠨᠠᠷ ᠢ ᠪᠠᠷᠢᠮᠵᠢᠶ᠎ᠠ ᠳᠤ | ᠬᠦᠷᠦᠭᠦᠯᠬᠦ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠃ ᠵᠢᠱᠢᠶᠡᠯᠡᠪᠡᠯ ᠂ ᠱᠠᠨᠰᠢ ᠮᠤᠵᠢ ᠨᠢ ᠮᠤᠵᠢ ᠶᠢᠨ | ᠲᠡᠰ ᠤᠨ ᠤᠰᠤᠯᠠᠯᠲᠠ ᠶᠢᠨ ᠲᠤᠷᠰᠢᠯᠲᠠ ᠶᠢᠨ ᠦᠷᠲᠡᠭᠡᠨ ᠳᠤ ᠲᠦᠰᠢᠭᠯᠡᠨ ᠤᠰᠤᠨ ᠤ ᠴᠢᠨᠠᠷ ᠢ ᠬᠢᠨᠠᠨ ᠬᠡᠮᠵᠢᠬᠦ | ᠳᠥᠭᠦᠮ ᠥᠷᠲᠡᠭᠡ ᠶᠢ ᠪᠠᠶᠢᠭᠤᠯᠵᠤ ᠂ ᠡᠳᠦᠷ ᠪᠦᠷᠢ ᠲᠠᠪᠤᠨ ᠵᠦᠢᠯ ᠤᠨ ᠡᠩ ᠤᠨ ᠭᠦᠢᠴᠡᠳᠬᠡᠯ ᠲᠤᠭ᠎ᠠ ᠳᠤ | ᠳᠥᠭᠦᠮ ᠬᠢᠨᠠᠨ ᠬᠡᠮᠵᠢᠯᠲᠡ ᠬᠢᠵᠡᠢ ᠃ ᠪᠤᠣ ᠵᠢᠶ ᠶᠢᠨ ᠬᠠᠪᠴᠢᠯ ᠤᠨ ᠤᠰᠤᠯᠠᠯᠲᠠ ᠶᠢᠨ ᠣᠷᠣᠨ ᠬᠢᠭᠡᠳ ᠲᠤᠰᠬᠠᠶ | ᠮᠡᠷᠭᠡᠵᠢᠯ ᠤᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠭᠤᠷᠪᠠᠳᠠᠬᠢ ᠡᠲᠡᠭᠡᠳ ᠤᠨ ᠤᠰᠤᠨ ᠤ ᠴᠢᠨᠠᠷ ᠢ ᠬᠢᠨᠠᠨ | ᠬᠡᠮᠵᠢᠬᠦ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠵᠤ ᠂ ᠬᠠᠪᠤᠷ ᠤᠨ ᠤᠰᠤᠯᠠᠯᠲᠠ ᠶᠢᠨ ᠬᠤᠭᠤᠴᠠᠭᠠᠨ ᠳᠤ | ᠰᠤᠪᠠᠭ ᠤᠨ ᠡᠬᠢᠨ ᠤ ᠪᠠᠷᠢᠯᠭ᠎ᠠ ᠶᠢᠨ ᠤᠰᠤᠨ ᠤ ᠴᠢᠨᠠᠷ ᠤᠨ ᠥᠯᠢᠭᠡᠷ ᠠᠪᠴᠤ ᠂ ᠱᠠᠭᠠᠷᠳᠠᠭᠰᠠᠨ 16 ᠵᠦᠢᠯ ᠤᠨ | ᠬᠠᠮᠢᠶ᠎ᠠ ᠪᠥᠬᠦᠶ ᠭᠦᠢᠴᠡᠳᠬᠡᠯ ᠲᠤᠭ᠎ᠠ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠯᠡᠨ᠎ᠡ ᠃ ᠡᠨᠡ ᠵᠢᠯ ᠤᠨ 2 | ᠳ᠋ᠤᠭᠠᠷ ᠰᠠᠷ᠎ᠠ ᠪᠠ 3 ᠳ᠋ᠤᠭᠠᠷ ᠰᠠᠷ᠎ᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠴᠥᠮ ᠱᠠᠭᠠᠷᠳᠠᠯᠭ᠎ᠠ ᠳᠤ ᠨᠡᠶᠢᠴᠡᠪᠡ ᠃ | ᠵᠣᠬᠢᠶᠠᠭᠴᠢ᠄ ᠬᠠᠷᠢᠭᠤᠴᠠᠭᠰᠠᠨ ᠨᠠᠶᠢᠷᠠᠭᠤᠯᠤᠭᠴᠢ᠄ ᠵᠢᠶᠠᠨ ᠵᠧᠨ ᠵᠧᠨ | |