ᠰᠢᠠᠬᠤᠧᠠ ᠬᠤᠷᠢᠶ᠎ᠠ᠄ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠶᠢᠨ ᠶᠠᠮᠤᠨ ᠨᠢᠭᠡᠳᠦᠭᠡᠷ ᠤᠯᠠᠷᠢᠯ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢᠨ ᠠᠬᠢᠴᠠ ᠳᠤ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2025/4/18
  ᠰᠢᠠᠬᠤᠧᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 17 ᠤ ᠡᠳᠦᠷ ᠤᠨ ᠴᠠᠭᠢᠯᠭᠠᠨ ᠮᠡᠳᠡᠭᠡ  ᠰᠠᠲᠣᠪ᠄ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ ᠪᠠᠶᠢᠨ᠎ᠠ — ᠤᠰᠤᠨ ᠠᠰᠢᠭᠯᠠᠯᠲᠠ ᠶᠢᠨ ᠶᠠᠮᠤᠨ ᠨᠢᠭᠡᠳᠦᠭᠡᠷ ᠤᠯᠠᠷᠢᠯ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢᠨ ᠠᠬᠢᠴᠠ ᠳᠤ ᠲᠠᠶᠢᠯᠤᠮᠵᠢ ᠬᠢᠵᠡᠢ  ᠰᠢᠠᠬᠤᠧᠠ ᠬᠤᠷᠢᠶᠠᠨ ᠤ ᠰᠣᠷᠪᠤᠯᠵᠢᠯᠠᠬᠴᠢ ᠸᠧᠢ ᠾᠦᠩ ᠢ  ᠰᠠᠭᠤᠷᠢ ᠲᠥᠬᠦᠭᠡᠷᠦᠮᠵᠢ ᠪᠣᠯ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ ᠲᠤᠯᠭᠠᠭᠤᠷᠢ ᠮᠥᠨ ᠃ 17 ᠤ ᠡᠳᠦᠷ ᠂ ᠤᠰᠤᠨ ᠠᠰᠢᠭᠯᠠᠯᠲᠠ ᠶᠢᠨ ᠶᠠᠮᠤᠨ ᠨᠢᠭᠡᠳᠦᠭᠡᠷ ᠤᠯᠠᠷᠢᠯ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠦᠷ᠎ᠡ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠨᠢᠭᠡᠳᠦᠭᠡᠷ ᠤᠯᠠᠷᠢᠯ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠬᠢᠭᠡᠳ ᠬᠤᠶᠢᠨᠠᠬᠢ ᠲᠥᠯᠥᠪᠯᠡᠭᠡ ᠳᠤ ᠲᠠᠶᠢᠯᠪᠤᠷᠢᠯᠠᠯᠲᠠ ᠬᠢᠵᠠᠢ ᠃  ︽ᠡᠨᠡ ᠵᠢᠯ ᠠᠴᠠ ᠨᠠᠭᠠᠰᠢ ᠮᠠᠨ ᠤ ᠤᠯᠤᠰ ᠤᠨ ᠰᠢᠨ᠎ᠡ ᠪᠠᠷ ᠠᠵᠢᠯ ᠡᠬᠢᠯᠡᠭᠦᠯᠦᠭᠰᠡᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ 8 ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠳᠠᠪᠠᠪᠠ︾ ᠃ ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠴᠧᠨ ᠮᠢᠨ ᠤ ᠲᠠᠨᠢᠯᠴᠠᠭᠤᠯᠤᠭᠰᠠᠨ ᠢᠶᠠᠷ ᠂ 1 — 3 ᠳ᠋ᠤᠭᠠᠷ ᠰᠠᠷ᠎ᠠ ᠪᠣᠯᠲᠠᠯ᠎ᠠ ᠮᠠᠨ ᠤ ᠤᠯᠤᠰ ᠤᠨ ᠬᠠᠲᠤᠨ ᠭᠤᠣᠯ ᠤᠨ ᠭᠤᠣᠯ ᠤᠷᠤᠰᠬᠠᠯ ᠤᠨ ᠬᠥᠬᠡᠨᠠᠭᠤᠷ ᠤᠨ ᠬᠡᠰᠡᠭ ᠢ ᠵᠠᠰᠠᠬᠤ ᠂ ᠭᠤᠸᠠᠩᠰᠢ ᠶᠢᠨ ᠾᠸᠢ ᠱᠦᠢ ᠾᠧ ᠤᠰᠤᠯᠠᠯᠲᠠ ᠶᠢᠨ ᠣᠷᠣᠨ ᠂ ᠠᠨᠾᠦ᠋ᠢ ᠮᠤᠵᠢ ᠶᠢᠨ ᠵᠢᠶᠠᠩ ᠰᠢᠶᠠᠩ ᠤᠰᠤᠯᠠᠯᠲᠠ ᠶᠢᠨ ᠣᠷᠣᠨ ᠵᠡᠷᠭᠡ 8 ᠵᠦᠢᠯ ᠤᠨ ᠴᠢᠬᠤᠯᠠ ᠶᠡᠭᠡ ᠢᠨᠵᠧᠨᠧᠷᠢᠩ ᠢ ᠰᠢᠨ᠎ᠡ ᠪᠠᠷ ᠠᠵᠢᠯ ᠡᠬᠢᠯᠡᠭᠦᠯᠵᠦ ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠪᠴᠢᠶ᠎ᠡ ᠨᠢ 437.3 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠪᠡ ᠃  ᠨᠢᠳᠤᠨᠤᠨ ᠤ ᠠᠳᠠᠯᠢ ᠬᠤᠭᠤᠴᠠᠭᠠᠨ ᠤ ᠥᠨᠳᠥᠷ ᠰᠠᠭᠤᠷᠢ ᠲᠤᠭ᠎ᠠ ᠶᠢᠨ ᠲᠠᠯ᠎ᠠ ᠪᠠᠷ ᠂ ᠨᠢᠭᠡᠳᠦᠭᠡᠷ ᠤᠯᠠᠷᠢᠯ ᠳᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠭᠲᠠᠭᠤᠨ ᠤ ᠳᠤᠮᠳᠠ ᠨᠡᠮᠡᠭᠳᠡᠭᠦᠯᠪᠡ ᠃ 1 — 3 ᠳ᠋ᠤᠭᠠᠷ ᠰᠠᠷ᠎ᠠ ᠪᠣᠯᠲᠠᠯ᠎ᠠ ᠂ ᠪᠦᠬᠦ ᠤᠯᠤᠰ ᠲᠤ ᠡᠯ᠎ᠡ ᠲᠥᠷᠥᠯ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠢ 2.16 ᠲᠦᠮᠡ ᠬᠡᠷᠡᠭᠵᠢᠭᠦᠯᠵᠦ ᠂ ᠡᠭᠦᠨ ᠳᠤ ᠤᠰᠤᠨ ᠠᠰᠢᠭᠯᠠᠯᠲᠠ ᠶᠢᠨ ᠲᠥᠷᠥᠯ ᠵᠦᠢᠯ ᠢ 6034 ᠰᠢᠨ᠎ᠡ ᠪᠠᠷ ᠠᠵᠢᠯ ᠡᠬᠢᠯᠡᠭᠦᠯᠪᠡ︔ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 1988.1 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ ᠃ ᠬᠠᠲᠤᠨ ᠭᠤᠤᠯ ᠤᠨ ᠭᠦ᠋ ᠰᠢᠶᠠᠨ ᠤᠰᠤᠨ ᠠᠰᠢᠭᠯᠠᠯᠲᠠ ᠶᠢᠨ ᠵᠠᠩᠭᠢᠯᠠᠭ᠎ᠠ ᠂ ᠬᠦᠬᠡᠮᠦ᠋ᠷᠡᠨ ᠤ ᠤᠰᠤ ᠶᠢ ᠳᠠᠳᠠᠵᠦ ᠬᠠᠨᠵᠢᠶᠠᠩ ᠮᠦᠷᠡᠨ ᠳᠤ ᠨᠡᠮᠡᠷᠢᠯᠡᠬᠦ ᠂ ᠤᠮᠠᠷᠠᠲᠤ ᠬᠡᠰᠡᠭ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠵᠡᠷᠭᠡ ᠤᠯᠤᠰ ᠤᠨ ᠤᠰᠤᠨ ᠠᠰᠢᠭᠯᠠᠯᠲᠠ ᠶᠢᠨ ᠲᠣᠤᠷ ᠤᠨ ᠭᠤᠤᠯᠯᠠᠬᠤ ᠢᠨᠵᠧᠨᠧᠷᠢᠩ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠶ ᠃  ︽ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ︾ ᠃ ᠴᠧᠨ ᠮᠢᠨ ᠲᠠᠨᠢᠯᠴᠠᠭᠤᠯᠬᠤ ᠳᠠᠭᠠᠨ ᠂ ᠨᠢᠭᠡᠳᠦᠭᠡᠷ ᠤᠯᠠᠷᠢᠯ ᠳᠤ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ ᠨᠢ 66 ᠲᠦᠮᠡᠨ ᠬᠥᠮᠦᠨ ᠳᠤ ᠠᠵᠢᠯ ᠣᠯᠭᠤᠵᠤ ᠂ ᠡᠭᠦᠨ ᠳᠤ ᠬᠥᠳᠡᠭᠡ ᠲᠣᠰᠬᠤᠨ ᠤ ᠬᠥᠳᠡᠯᠮᠦᠷᠢ ᠬᠦᠴᠦᠨ  ᠨᠢ 54.3 ᠲᠦᠮᠡ ᠪᠣᠶ︔ ᠠᠵᠢᠯ ᠣᠯᠤᠭᠰᠠᠳ ᠤᠨ ᠴᠠᠯᠢᠩ ᠢ ᠨᠡᠶᠢᠲᠡ 67.5 ᠳ᠋ᠦᠩᠰᠢᠭᠤᠷ ᠲᠥᠭᠦᠷᠢᠭ ᠲᠠᠯᠪᠢᠵᠤ ᠂ ᠡᠭᠦᠨ ᠳᠤ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠠᠯᠢᠩ ᠨᠢ 52.4 ᠳ᠋ᠦᠩᠰᠢᠭᠤᠷ ᠲᠥᠭᠦᠷᠢᠭ ᠲᠤ ᠬᠦᠷᠴᠡᠶ ᠃  ᠤᠰᠤᠯᠠᠯᠲᠠ ᠶᠢᠨ ᠣᠷᠣᠨ ᠪᠣᠯ ᠠᠮᠤ ᠪᠤᠳᠠᠭᠠᠨ ᠤ ᠠᠶᠤᠯ ᠦᠭᠡᠶ ᠶᠢᠨ ᠰᠠᠭᠤᠷᠢ ᠪᠠᠲᠤᠯᠠᠭ᠎ᠠ ᠪᠣᠯᠬᠤ ᠪᠥᠭᠡᠳ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠬᠢᠭᠡᠳ ᠣᠳᠣᠬᠢᠴᠢᠯᠠᠬᠤ ᠥᠭᠡᠷᠡᠴᠢᠯᠡᠯᠲᠡ ᠪᠣᠯ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠨᠢᠭᠡ ᠵᠠᠩᠭᠢᠯᠠᠭ᠎ᠠ ᠪᠣᠯᠤᠨ᠎ᠠ ᠃ ᠤᠰᠤᠨ ᠠᠰᠢᠭᠯᠠᠯᠲᠠ ᠶᠢᠨ ᠶᠠᠮᠤᠨ ᠤ ᠲᠥᠯᠥᠪᠵᠢᠭᠦᠯᠪᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠵᠠᠩ ᠰᠢᠶᠠᠩ ᠸᠧᠶ ᠶᠢᠨ ᠲᠠᠨᠢᠯᠴᠠᠭᠤᠯᠤᠭᠰᠠᠨ ᠢᠶᠠᠷ ᠂ ᠨᠢᠭᠡᠳᠦᠭᠡᠷ ᠤᠯᠠᠷᠢᠯ ᠳᠤ 8 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠰᠢᠨ᠎ᠡ ᠪᠠᠷ ᠡᠬᠢᠯᠡᠭᠦᠯᠪᠡ ᠂ ᠡᠭᠦᠨ ᠳᠤ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠬᠢᠭᠡᠳ ᠣᠳᠣᠬᠢᠴᠢᠯᠠᠭᠰᠠᠨ ᠥᠭᠡᠷᠡᠴᠢᠯᠡᠯᠲᠡ ᠶᠢᠨ ᠲᠥᠷᠥᠯ ᠵᠦᠢᠯ ᠨᠢ ᠬᠠᠭᠠᠰ ᠢ ᠡᠵᠡᠯᠡᠵᠦ ᠪᠠᠶᠢᠨ᠎ᠠ ᠃ ᠬᠤᠯᠪᠣᠭᠳᠠᠯ ᠪᠦᠬᠦᠢ ᠢᠨᠵᠧᠨᠧᠷᠢᠩ ᠢ ᠬᠡᠷᠡᠭᠵᠢᠭᠦᠯᠦᠭᠰᠡᠨ ᠨᠢ ᠤᠰᠤᠯᠠᠯᠲᠠ ᠶᠢᠨ ᠲᠠᠯᠠᠪᠠᠢ ᠶᠢ 759 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠ ᠰᠠᠶᠢᠵᠢᠷᠠᠭᠤᠯᠵᠤ ᠂ ᠲᠠᠷᠢᠶᠠᠯᠠᠩ ᠤᠨ ᠤᠰᠤ ᠬᠡᠷᠡᠭᠯᠡᠬᠦ ᠶᠢ ᠪᠠᠲᠤᠯᠠᠬᠤ ᠴᠢᠳᠠᠪᠤᠷᠢ ᠪᠠ ᠤᠰᠤᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠣᠯᠤᠨ᠎ᠠ ᠃  ᠡᠨᠡ ᠵᠢᠯ ᠠᠴᠠ ᠨᠠᠭᠠᠰᠢ ᠂ ᠪᠦᠬᠦ ᠤᠯᠤᠰ ᠤᠨ ᠬᠤᠷ᠎ᠠ ᠲᠤᠨᠤᠳᠠᠰᠤ ᠶᠢᠨ ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠠᠴᠠ ᠪᠠᠷᠤᠭ ᠭᠤᠷᠪᠠᠨ ᠬᠤᠪᠢ ᠪᠠᠭᠠᠰᠤᠭᠰᠠᠨ ᠪᠠᠶᠢᠨ᠎ᠠ ᠃ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠵᠤᠷᠭᠠᠨ ᠤ ᠳᠡᠳ᠋ ᠳᠠᠷᠤᠭ᠎ᠠ ᠰᠢᠤᠢ ᠳ᠋ᠧ ᡁᠢ ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠶᠠᠭ ᠬᠠᠪᠤᠷ ᠤᠨ ᠤᠯᠠᠷᠢᠯ ᠤᠨ ᠤᠰᠤᠯᠠᠯᠲᠠ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠂ ᠤᠰᠤᠯᠠᠬᠤ ᠤᠰᠤ ᠵᠠᠯᠠᠬᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠵᠢᠯᠣᠭᠤᠳᠤᠨ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ ᠂ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠲᠥᠷᠥᠯ ᠵᠦᠢᠯ ᠤᠨ ᠰᠡᠭᠦᠯ ᠰᠢᠪᠲᠤᠷᠬᠤ ᠪᠠ ᠭᠠᠮᠰᠢᠭ ᠲᠤ ᠡᠪᠳᠡᠭᠳᠡᠭᠰᠡᠨ ᠤᠰᠤᠯᠠᠯᠲᠠ ᠶᠢᠨ ᠢᠨᠵᠧᠨᠧᠷᠢᠩ ᠢ ᠵᠠᠰᠠᠨ ᠰᠡᠷᠭᠦᠭᠡᠬᠦ ᠶᠢ ᠲᠦᠷᠭᠡᠳᠬᠡᠨ ᠪᠡᠶᠡᠯᠡᠭᠦᠯᠵᠦ ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠪᠠᠲᠤᠯᠠᠵᠤ ᠪᠠᠶᠢᠨ᠎ᠠ ᠭᠡᠵᠦ ᠢᠯᠡᠳᠬᠡᠪᠡ ᠃  4 ᠳ᠋ᠦ᠋ᠭᠡᠷ ᠰᠠᠷ᠎ᠠ ᠶᠢᠨ ᠳᠤᠮᠳᠠᠴᠢ ᠪᠣᠯᠲᠠᠯ᠎ᠠ ᠂ ᠪᠥᠬᠦ ᠤᠯᠤᠰ ᠤᠨ ᠤᠰᠤᠯᠠᠯᠲᠠ ᠶᠢᠨ ᠲᠠᠯᠠᠪᠠᠶ ᠨᠡᠶᠢᠲᠡ 2 ᠳ᠋ᠦᠩᠰᠢᠭᠤᠷ ᠮᠥ ᠶᠢ ᠳᠠᠪᠠᠵᠤ ᠂ ᠡᠭᠦᠨ ᠳᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠲᠠᠯᠠᠪᠠᠶ ᠨᠢ ᠨᠡᠶᠢᠲᠡ 1.6 ᠳ᠋ᠦᠩᠰᠢᠭᠤᠷ ᠮᠥ ᠶᠢ ᠳᠠᠪᠠᠵᠠᠶ ᠃ ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠦᠬᠦᠢ ᠪᠦᠷᠢᠳᠬᠡᠯ ᠠᠴᠠ ᠦᠵᠡᠪᠡᠯ ᠂ 2024 ᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ ᠳᠠᠬᠢ ᠠᠮᠤ ᠪᠤᠳᠠᠭᠠᠨ ᠤ ᠤᠨᠠᠯᠲᠠ ᠨᠢ ᠪᠠᠷᠤᠭ ᠪᠥᠬᠦ ᠤᠯᠤᠰ ᠤᠨ ᠶᠡᠷᠦᠩᠬᠡᠶ ᠤᠨᠠᠯᠲᠠ ᠶᠢᠨ 80% ᠶᠢ ᠡᠵᠡᠯᠡᠵᠦ ᠂ 2023 ᠣᠨ ᠤ ᠬᠢ ᠠᠴᠠ 3 ᠵᠠᠭᠤᠨ ᠤ ᠴᠡᠭ ᠳᠡᠭᠡᠭᠰᠢᠯᠡᠵᠡᠢ ᠃  ᠤᠰᠤᠨ ᠠᠰᠢᠭᠯᠠᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠪᠣᠯ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠶᠢ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠨᠢᠭᠡᠳᠦᠭᠡᠷ ᠤᠯᠠᠷᠢᠯ ᠂ ᠤᠰᠤᠨ ᠠᠰᠢᠭᠯᠠᠯᠲᠠ ᠶᠢᠨ ᠶᠠᠮᠤᠨ ᠠᠴᠠ ᠡᠳ᠋ ᠤᠨ ᠵᠠᠰᠠᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢ ᠣᠯᠬᠤ ᠪᠠᠷ ᠢᠳᠡᠪᠬᠢᠯᠡᠨ ᠴᠢᠷᠮᠠᠶᠢᠬᠤ ᠶᠢᠨ ᠬᠠᠮᠲᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭ ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠂ ᠨᠡᠶᠢᠭᠡᠮ ᠤᠨ ᠬᠥᠷᠥᠩᠭᠡ ᠶᠢᠨ ︽ᠬᠠᠮ ᠠᠷᠭ᠎ᠠ︾ ᠶᠢ ᠰᠠᠶᠢᠲᠤᠷ ᠬᠢᠵᠦ ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠬᠤ ᠬᠡᠷᠡᠭᠲᠡᠶ ᠃  ︽ᠡᠩ ᠲᠡᠷᠢᠭᠦᠨ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠪᠡ︾ ᠃ ᠵᠠᠩ ᠰᠢᠶᠠᠩ ᠸᠧᠶ ᠢᠯᠡᠷᠬᠡᠶᠢᠯᠡᠬᠦ ᠳᠡᠭᠡᠨ ᠂ ᠤᠰᠤᠨ ᠠᠰᠢᠭᠯᠠᠯᠲᠠ ᠶᠢᠨ ᠶᠠᠮᠤᠨ ︽ᠬᠤᠶᠠᠷ ᠬᠦᠨᠳᠦ︾ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠠᠢ ᠤᠶᠠᠯᠳᠤᠭᠤᠯᠤᠨ ᠂ ᠣᠷᠣᠨ ᠨᠤᠲᠤᠭ ᠢ ᠵᠢᠯᠣᠭᠤᠳᠤᠨ ᠲᠥᠷᠥᠯ ᠵᠦᠢᠯ ᠢ ᠤᠷᠢᠳᠴᠢᠯᠠᠨ ᠰᠢᠯᠢᠨ ᠰᠣᠩᠭᠤᠵᠤ ᠂ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠷᠠᠭᠤᠯᠤᠨ ᠵᠣᠬᠢᠶᠠᠨ᠎ᠠ ᠃ ᠡᠨᠡ ᠵᠢᠯ ᠤᠨ ᠨᠢᠭᠡᠳᠦᠭᠡᠷ ᠤᠯᠠᠷᠢᠯ ᠳᠤ ᠪᠦᠬᠦ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠣᠷᠤᠨ ᠨᠤᠲᠤᠭ ᠤᠨ ᠵᠠᠰᠠᠭ ᠤᠨ ᠣᠷᠳᠤᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ 288.6 ᠳ᠋ᠦᠩᠰᠢᠭᠤᠷ ᠲᠦᠭᠦᠷᠢᠭ ᠢ ᠨᠠᠶᠢᠳᠠᠪᠤᠷᠢᠵᠢᠭᠤᠯᠵᠤ ᠂ ᠠᠳᠠᠯᠢ ᠬᠤᠭᠤᠴᠠᠭᠠᠨ ᠤ ᠬᠢ ᠠᠴᠠ 37% ᠪᠠᠷ ᠨᠡᠮᠡᠭᠳᠡᠪᠡ ᠃  ᠡᠭᠦᠨ ᠤ ᠬᠠᠮᠲᠤ ᠂ ᠪᠠᠩᠬᠢ ᠶᠢᠨ ᠵᠢᠭᠡᠯᠡᠯᠭᠡ ᠪᠠ ᠨᠡᠶᠢᠭᠡᠮ ᠤᠨ ᠬᠥᠷᠥᠩᠭᠡ ᠨᠢ ᠴᠦ ᠦᠷᠭᠦᠯᠵᠢᠯᠡᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠳᠤ ᠬᠡᠷᠡᠭᠯᠡᠵᠦ ᠪᠠᠶᠢᠨ᠎ᠠ ᠃ ᠲᠠᠨᠢᠯᠴᠠᠭᠤᠯᠤᠭᠰᠠᠨ ᠢᠶᠠᠷ ᠂ ᠤᠰᠤᠨ ᠠᠰᠢᠭᠯᠠᠯᠲᠠ ᠶᠢᠨ ᠶᠠᠮᠤᠨ ᠠᠴᠠ ᠣᠷᠣᠨ ᠨᠤᠲᠤᠭ ᠢ ᠵᠢᠯᠣᠭᠤᠳᠤᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠵᠣᠯᠭᠠᠭᠤᠯᠵᠤ ᠂ ᠵᠢᠭᠡᠯᠡᠯᠭᠡ ᠶᠢᠨ ᠬᠦᠦ ᠶᠢᠨ ᠨᠣᠷᠮ᠎ᠠ ᠂ ᠵᠢᠭᠡᠯᠡᠯᠭᠡ ᠶᠢᠨ ᠬᠤᠭᠤᠴᠠᠭ᠎ᠠ ᠂ ᠬᠥᠷᠥᠩᠭᠡ ᠮᠥᠩᠭᠦ ᠶᠢᠨ ᠬᠠᠷᠢᠴᠠᠯ ᠵᠡᠷᠭᠡ ᠲᠠᠯ᠎ᠠ ᠶᠢᠨ ᠮᠥᠩᠭᠦᠨ ᠭᠦᠢᠯᠭᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠪᠡ︔ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠂ ᠣᠨᠴᠠ ᠵᠥᠪᠰᠢᠶᠡᠷᠡᠯ ᠢᠶᠠᠷ ᠡᠵᠡᠩᠨᠡᠬᠦ ᠵᠡᠷᠭᠡ ᠵᠠᠭᠪᠤᠷ ᠢᠶᠠᠷ ᠳᠠᠮᠵᠢᠭᠤᠯᠤᠨ ᠂ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠳᠤ ᠣᠷᠣᠯᠴᠠᠭᠤᠯᠤᠨ᠎ᠠ ᠃  ᠡᠨᠡ ᠵᠢᠯ ᠤᠨ ᠨᠢᠬᠡᠲᠦᠭᠡᠷ ᠤᠯᠠᠷᠢᠯ ᠳᠤ ᠂ ᠪᠦᠭᠦ ᠤᠯᠤᠰ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠨᠢ ᠪᠠᠩᠭᠢ ᠶᠢᠨ ᠵᠢᠬᠡᠯᠡᠯᠬᠡ 414.1 ᠳ᠋ᠦᠩᠰᠢᠭᠤᠷ ᠳᠦᠭᠦᠷᠢᠭ ᠲᠤ ᠬᠦᠷᠴᠦ ᠂ ᠠᠲᠠᠯᠢ ᠬᠤᠭᠤᠴᠠᠭᠠᠨ ᠤ ᠬᠢ ᠠᠴᠠ 38.5% ᠪᠠᠷ ᠨᠡᠮᠡᠭᠲᠡᠵᠡᠢ ᠂ ᠨᠡᠶᠢᠬᠡᠮ ᠤᠨ ᠬᠦᠷᠦᠩᠬᠡ ᠨᠢ 372.8 ᠳ᠋ᠦᠩᠰᠢᠭᠤᠷ ᠳᠦᠭᠦᠷᠢᠭ ᠲᠤ ᠬᠦᠷᠴᠦ ᠂ ᠠᠲᠠᠯᠢ ᠬᠤᠭᠤᠴᠠᠭᠠᠨ ᠤ ᠬᠢ ᠠᠴᠠ 33.3% ᠪᠠᠷ ᠨᠡᠮᠡᠭᠲᠡᠵᠡᠢ ᠃ ︽ᠢᠯᠠᠩᠭᠤᠶ᠎ᠠ ᠠᠷᠠᠳ ᠠᠴᠠ ᠡᠵᠡᠩᠨᠡᠭᠰᠡᠨ ᠬᠥᠷᠥᠩᠭᠡ ᠶᠢ 31.3 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ ᠂ ᠡᠨᠡ ᠪᠣᠯ ᠨᠢᠳᠤᠨᠤᠨ ᠤ ᠪᠦᠬᠦ ᠵᠢᠯ ᠳᠤ ᠠᠷᠠᠳ ᠠᠴᠠ ᠡᠵᠡᠩᠨᠡᠭᠰᠡᠨ ᠬᠥᠷᠥᠩᠭᠡ ᠶᠢ ᠣᠷᠣᠭᠤᠯᠤᠨ ᠠᠪᠴᠢᠷᠠᠭᠰᠠᠨ ᠬᠠᠭᠠᠰ ᠵᠢᠯ ᠮᠥᠨ︾ ᠭᠡᠵᠦ ᠵᠠᠩ ᠰᠢᠶᠠᠩ ᠸᠧᠶ ᠬᠡᠯᠡᠪᠡ ᠃  2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ ᠃ ᠪᠦᠬᠦ ᠵᠢᠯ ᠢᠶᠠᠨ ᠪᠠᠷᠠᠯᠠᠬᠤᠶ᠎ᠠ ᠂ ᠴᠧᠨ ᠮᠢᠨ ᠢᠯᠡᠷᠬᠡᠶᠢᠯᠡᠬᠦ ᠳᠡᠭᠡᠨ ᠂ ︽ᠬᠤᠶᠠᠷ ᠴᠢᠬᠤᠯᠠ︾ ᠤᠰᠤᠨ ᠠᠰᠢᠭᠯᠠᠯᠲᠠ ᠶᠢᠨ ᠲᠥᠷᠥᠯ ᠵᠦᠢᠯ ᠢᠶᠠᠷ ᠭᠤᠤᠯᠳᠠᠯᠭ᠎ᠠ ᠪᠣᠯᠭᠠᠵᠤ ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ︽ᠠᠷᠪᠠᠨ ᠳᠥᠷᠪᠡᠳᠦᠭᠡᠷ ᠲᠠᠪᠤᠨ        ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ ᠭᠡᠵᠡᠶ ᠃  ︽ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠦᠨᠳᠦᠰᠦᠯᠡᠨ ᠂ ᠬᠤᠶᠠᠳᠤᠭᠠᠷ ᠤᠯᠠᠷᠢᠯ ᠳᠤ ᠳᠠᠬᠢᠨ ᠨᠢᠭᠡ ᠪᠦᠯᠦᠭ ᠲᠥᠷᠥᠯ ᠵᠦᠢᠯ ᠢ ᠡᠬᠢᠯᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ ᠃ ᠴᠧᠨ ᠮᠢᠨ ᠤ ᠲᠠᠨᠢᠯᠴᠠᠭᠤᠯᠤᠭᠰᠠᠨ ᠢᠶᠠᠷ ᠂ ︽ᠬᠤᠸᠠᠢ ᠾᠧ ᠭᠤᠣᠯ ᠤᠨ ᠭᠤᠣᠯ ᠤᠷᠤᠰᠬᠠᠯ ᠤᠨ ᠬᠥᠪᠦᠮᠡᠯ ᠠᠭᠤᠯᠠ ᠠᠴᠠ ᠳᠣᠷᠣᠭᠰᠢᠬᠢ ᠬᠡᠰᠡᠭ ᠤᠨ ᠦᠶᠡᠷ ᠵᠠᠯᠠᠬᠤ ᠣᠷᠣᠨ ᠳᠤ ᠲᠣᠬᠢᠷᠠᠭᠤᠯᠤᠯᠲᠠ ᠬᠢᠬᠦ ᠪᠠ ᠪᠦᠲᠦᠭᠡᠨ ᠪᠠᠶᠢᠭᠤᠯᠬᠤ ᠂ ᠬᠤᠨᠠᠨ ᠤ ᠳ᠋ᠦᠩ ᠲᠢᠩ ᠬᠤ᠋ ᠲᠣᠭᠤᠷᠢᠭ ᠤᠨ ᠭᠤᠣᠯᠳᠠᠯᠭ᠎ᠠ ᠲᠠᠢ ᠬᠠᠰᠢᠯᠭ᠎ᠠ ᠶᠢ ᠪᠠᠬᠢᠯᠡᠬᠦ ᠬᠤᠶᠠᠳᠤᠭᠠᠷ ᠬᠤᠭᠤᠴᠠᠭ᠎ᠠ ᠵᠡᠷᠭᠡ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠳᠤ ᠬᠤᠯᠪᠣᠭᠳᠠᠬᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ︾ ᠪᠣᠯᠣᠨ᠎ᠠ ᠃  ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠳᠤ ᠴᠢᠭᠯᠡᠭᠦᠯᠦᠨ ᠂ ᠤᠰᠤᠨ ᠠᠰᠢᠭᠯᠠᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠨᠢ ᠨᠡᠩ ᠴᠤ ᠵᠠᠩᠭᠢᠯᠠᠭ᠎ᠠ ᠪᠣᠯᠤᠨ᠎ᠠ ᠃ ︽ᠬᠡᠳᠦ ᠣᠷᠳᠣ ᠬᠤᠭᠤᠴᠠᠭᠠᠨ ᠤ ᠤᠨᠴᠠᠭᠠᠶᠢᠯᠠᠨ ᠬᠡᠷᠡᠭᠯᠡᠭᠦᠯᠬᠦ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠵᠡᠷᠭᠡ ᠲᠥᠪ ᠤᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠲᠦᠷᠦᠯ ᠵᠦᠢᠯ ᠤᠨ ᠠᠰᠢᠭ ᠣᠯᠵᠠᠪᠤᠷᠢ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠂ ᠪᠠᠩᠬᠢ ᠶᠢᠨ ᠵᠢᠭᠡᠯᠡᠯᠭᠡ ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠶᠢᠨ ᠣᠷᠣᠭᠤᠯᠤᠯᠲᠠ ᠶᠢ ᠨᠡᠩ ᠶᠡᠭᠡ ᠡᠷᠴᠢᠮ ᠢᠶᠠᠷ ᠲᠡᠮᠡᠴᠡᠨ ᠣᠯᠵᠤ ᠂ REITs ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠠᠬᠢᠭᠤᠯᠵᠤ ᠂ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠤᠯᠠᠨ ᠠᠷᠭ᠎ᠠ ᠵᠠᠮ ᠢᠶᠠᠷ ᠨᠠᠶᠢᠳᠠᠪᠤᠷᠢᠵᠢᠭᠤᠯᠬᠤ ᠬᠡᠷᠡᠭᠲᠡᠢ︾ ᠭᠡᠵᠦ ᠴᠢᠨ ᠮᠢᠩ ᠬᠡᠯᠡᠪᠡ ᠃  ᠵᠣᠬᠢᠶᠠᠭᠴᠢ᠄       ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ 
 
ᠢᠷᠡᠯᠲᠡ᠄ ᠰᠢᠠᠬᠤᠧᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号