ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠠᠯᠠᠭᠤ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︽ᠰᠤᠷᠤᠯᠴᠠᠬᠤ ᠲᠥᠪ ᠰᠤᠷᠲᠠᠯ︾ ᠤᠨ ᠲᠤᠬᠠᠶ ᠴᠢᠬᠤᠯᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠤᠮᠳᠠ ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ ᠠᠳᠬᠤᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠠᠯᠠᠭᠤ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ 4 ᠵᠠᠯᠠᠭᠤ ᠺᠠᠳ᠋ᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
干部作风建设座谈会.jpg
  ᠱᠧᠩ ᠰᠢᠶᠣᠣ ᠶᠢᠦ ᠠᠴᠠ᠂ ᠵᠠᠯᠠᠭᠤ ᠺᠠᠳ᠋ᠷᠴᠤᠳ ᠪᠣᠯ ᠣᠳᠣᠬᠠᠨ ᠤ ᠪᠦᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠡᠯ᠎ᠡ ᠲᠠᠯ᠎ᠠ ᠶᠢ ᠵᠣᠬᠢᠴᠠᠭᠤᠯᠬᠤ ︽ᠵᠠᠪᠰᠠᠷ ᠤᠨ ᠵᠠᠩᠭᠢᠯᠠᠭ᠎ᠠ︾᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ︽ᠭᠤᠣᠯ ᠲᠤᠯᠭᠠᠭᠤᠷᠢ︾᠂ ᠲᠦᠷᠢ ᠲᠥᠷᠬᠦ ᠶᠢ ᠪᠤᠢ ᠪᠣᠯᠭᠠᠬᠤ ︽ᠲᠤᠯᠭᠠᠭᠤᠷᠢ ᠬᠦᠴᠦᠨ︾ ᠮᠥᠨ᠂ ᠵᠣᠷᠢᠭᠲᠠᠢ ᠪᠠᠷ ᠨᠢᠷᠤᠭᠤ ᠲᠤᠯᠭᠠᠭᠤᠷᠢ ᠶᠢ ᠡᠭᠦᠷᠭᠡᠯᠡᠵᠦ᠂ ᠬᠦᠨᠳᠦ ᠬᠠᠷᠢᠭᠤᠴᠠᠯᠭ᠎ᠠ ᠶᠢ ᠡᠭᠦᠷᠭᠡᠯᠡᠵᠦ᠂ ᠬᠠᠲᠠᠭᠤ ᠳᠠᠶᠢᠯᠠᠯᠳᠤᠭᠠᠨ ᠬᠢᠬᠦ ᠬᠡᠷᠡᠭᠲᠡᠢ᠃ ᠨᠢᠭᠡ ᠳᠤ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠵᠤ᠂ ᠰᠤᠷᠤᠯᠴᠠᠯᠭ᠎ᠠ ᠬᠥᠮᠦᠵᠢᠯ ᠤᠨ ᠳᠤᠮᠳᠠ ᠤᠯᠤᠰ ᠲᠦᠷᠦ ᠶᠢᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤᠮᠳᠠ ᠦᠯᠢᠭᠡᠷ ᠳᠠᠭᠤᠷᠢᠶᠠᠯ ᠪᠤᠯᠵᠤ᠂ ᠵᠢᠱᠢᠶ᠎ᠡ ᠦᠵᠡᠭᠦᠯᠦᠨ᠂ ᠤᠷᠤᠭᠰᠢᠯᠠᠬᠤ ᠬᠡᠷᠡᠭᠲᠡᠢ᠃ ᠭᠤᠷᠪᠠ ᠳᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠬᠡᠷᠡᠭᠲᠡᠢ᠃ ᠵᠠᠯᠠᠭᠤ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ ᠪᠠ ᠨᠠᠮᠴᠢ ᠴᠢᠨᠠᠷ ᠢ ᠴᠢᠩᠭᠠᠳᠬᠠᠬᠤ ᠶᠢ ᠨᠡᠪᠲᠡᠷᠡᠯᠴᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠠ ᠠᠵᠢᠯ ᠬᠢᠵᠦ ᠦᠢᠯᠡᠰ ᠪᠤᠰᠬᠠᠬᠤ ᠶᠢ ᠨᠢᠭᠡᠳᠬᠡᠵᠦ᠂ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠠᠭᠤᠷᠢ ᠶᠢ ᠪᠠᠬᠢᠵᠢᠭᠦᠯᠬᠦ᠂ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠤᠷᠲᠠᠯ ᠢ ᠰᠢᠯᠢᠳᠡᠭᠵᠢᠭᠦᠯᠬᠦ ᠶᠢ ᠴᠢᠷᠮᠠᠶᠢᠨ ᠪᠡᠶᠡᠯᠡᠭᠦᠯᠵᠦ᠂ ︽ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠲᠤ ᠴᠢᠩᠭ᠎ᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ︾ ᠰᠢᠨ᠎ᠡ ᠠᠶᠠᠨ ᠵᠠᠮ ᠳᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶᠢᠭᠤᠯᠵᠤ ᠦᠢᠯᠡᠰ ᠪᠤᠰᠬᠠᠬᠤ ᠬᠡᠷᠡᠭᠲᠡᠢ ᠭᠡᠵᠡᠢ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠫᠧᠩ ᠶᠠ ᠯᠢ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠨᠢᠭᠡᠴᠢ ᠶᠢᠨ ᠭᠠᠵᠠᠷ ᠤᠨ ᠲᠠᠰ ᠤᠨ 30 ᠭᠠᠷᠤᠶ ᠵᠠᠯᠠᠭᠤ ᠺᠠᠳ᠋ᠷ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号