2024 ᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠩᠬ᠎ᠠ ᠠᠯᠬᠤᠮ ᠤᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2025/4/7
  ︽ᠤᠰᠤ ᠠᠪᠴᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠵᠢᠯᠣᠭᠤᠳᠬᠤ ᠰᠠᠨᠠᠯ︾ ᠂ ︽ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠠᠯᠪᠠᠨ ᠲᠢᠩᠬᠢᠮ ᠤᠨ ᠮᠡᠳᠡᠭᠳᠡᠯ︾ ᠂        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ 2024 ᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠳᠠᠭᠤᠰᠬᠠᠵᠤ ᠂ ᠡᠳᠦᠭᠡ ᠦᠨᠡᠯᠡᠯᠲᠡ ᠶᠢᠨ ᠠᠩᠬ᠎ᠠ ᠠᠯᠬᠤᠮ ᠤᠨ ᠦᠷ᠎ᠡ ᠳ᠋ᠦᠩ ᠢ ᠳᠣᠤᠷᠠᠬᠢ ᠮᠡᠲᠦ ᠵᠠᠷᠯᠠᠨ ᠨᠡᠶᠢᠲᠡᠯᠡᠪᠡ ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 15 ᠠᠵᠢᠯᠯᠠᠬᠤ ᠡᠳᠦᠷ ︵2025 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ︶ ᠪᠣᠯᠤᠨ᠎ᠠ ᠃ ᠦᠨᠡᠯᠡᠯᠲᠡ ᠶᠢᠨ ᠠᠩᠬ᠎ᠠ ᠠᠯᠬᠤᠮ ᠤᠨ ᠦᠷ᠎ᠡ ᠳ᠋ᠦᠩ ᠳᠤ ᠣᠨᠳᠣᠤ ᠰᠠᠨᠠᠯ ᠲᠠᠢ ᠤᠰᠤ ᠠᠪᠴᠤ ᠬᠡᠷᠡᠭᠯᠡᠬᠦ ᠡᠷᠦᠬᠡ ᠶᠢ ᠢᠯᠡ ᠨᠡᠶᠢᠲᠡᠯᠡᠬᠦ ᠬᠤᠭᠤᠴᠠᠭᠠᠨ ᠳᠤ ᠤᠰᠤᠨ ᠠᠰᠢᠭᠯᠠᠯᠲᠠ ᠶᠢᠨ ᠲᠢᠩᠬᠢᠮ ᠳᠤ ᠬᠢᠨᠠᠨ ᠬᠠᠷᠭᠤᠭᠤᠯᠬᠤ ᠪᠠᠷ ᠭᠤᠶᠤᠴᠢᠯᠠᠵᠤ ᠪᠣᠯᠤᠨ᠎ᠠ ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠪᠠ ᠭᠡᠷᠡᠴᠢ ᠪᠠᠷᠢᠮᠲᠠ ᠪᠠᠨ ᠬᠠᠩᠭᠠᠵᠤ ᠂ ᠬᠤᠭᠤᠴᠠᠭ᠎ᠠ ᠬᠡᠲᠦᠷᠡᠲᠡᠯ᠎ᠡ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠦᠭᠡᠢ ᠪᠤᠶᠤ ᠵᠣᠬᠢᠴᠠᠩᠭᠤᠶ ᠭᠡᠷᠡᠴᠢ ᠮᠠᠲ᠋ᠧᠷᠢᠶᠠᠯ ᠬᠠᠩᠭᠠᠭᠰᠠᠨ ᠦᠭᠡᠢ ᠪᠠᠶᠢᠪᠠᠯ ᠂ ᠣᠨᠳᠣᠤ ᠰᠠᠨᠠᠯ ᠥᠬᠡᠶ ᠭᠡᠵᠦ ᠦᠵᠡᠨ᠎ᠡ ᠃  ᠬᠠᠷᠢᠯᠴᠠᠬᠤ ᠬᠥᠮᠦᠨ᠄ ᠴᠧᠨ ᠭᠤᠸᠠᠩ  ᠬᠠᠷᠢᠯᠴᠠᠬᠤ ᠤᠲᠠᠰᠤ᠄ 0471 – 5259366    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠩᠬ᠎ᠠ ᠠᠯᠬᠤᠮ ᠤᠨ ᠦᠷ᠎ᠡ ᠳ᠋ᠦᠩ

 

 

 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号