ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2025/4/8
  ︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠮᠠᠨ ᠤ ᠲᠥᠪ ᠣᠲᠣ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ ᠢᠯᠡ‌‍ᠪᠠᠷ ᠬᠠᠷᠢᠴᠠᠭᠤᠯᠤᠨ ᠰᠣᠩᠭᠤᠬᠤ ᠪᠠᠷ ᠳᠠᠮᠵᠢᠭᠤᠯᠤᠨ ᠬᠠᠲᠤᠨ ᠭᠤᠤᠯ ᠤᠨ ᠰᠠᠨ ᠱᠧᠩ ᠭᠦᠩ ᠤᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠬᠠᠷᠢᠶᠠᠲᠤ ᠣᠷᠣᠨ ᠤ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠵᠢᠯ ᠢ ᠥᠷᠨᠢᠭᠦᠯᠬᠦ ᠪᠠᠷ ᠰᠣᠩᠭᠤᠵᠤ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ  1. ᠲᠥᠷᠥᠯ ᠵᠦᠢᠯ ᠤᠨ ᠨᠡᠷᠡᠶᠢᠳᠦᠯ᠄ ᠬᠠᠲᠤᠨ ᠭᠤᠤᠯ ᠤᠨ ᠰᠠᠨ ᠱᠧᠩ ᠭᠦᠩ ᠤᠨ ᠤᠰᠤᠨ ᠠᠰᠢᠭᠯᠠᠯᠲᠠ ᠶᠢᠨ ᠬᠦᠢᠰᠦ ᠶᠢᠨ ᠢᠨᠵᠧᠨᠧᠷᠢᠩ ᠤᠨ ᠬᠠᠷᠢᠶᠠᠲᠤ ᠣᠷᠣᠨ ᠤ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠃  2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠳ᠋ᠧᠩᠺᠸᠦ ᠰᠢᠶᠠᠨ ᠃  3. ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ ᠣᠷᠤᠯᠠᠨ ᠭᠦᠢᠴᠡᠳᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃  ᠬᠤᠶᠠᠷ ᠂ ᠤᠷᠤᠯᠠᠨ ᠭᠦᠢᠴᠡᠳᠭᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ  1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃  2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃  ᠭᠤᠷᠪᠠ ᠂ ᠨᠡᠷ᠎ᠡ ᠮᠡᠳᠡᠭᠦᠯᠬᠦ ᠳᠡᠭᠡᠨ ᠬᠠᠩᠭᠠᠬᠤ ᠴᠢᠬᠤᠯᠠᠲᠠᠢ ᠮᠠᠲ᠋ᠧᠷᠢᠶᠠᠯ  1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ ᠂ ᠪᠠᠭᠤᠯᠭᠠᠪᠤᠷᠢ ᠂ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ ᠃  2. ᠨᠡᠷ᠎ᠡ ᠮᠡᠳᠡᠭᠦᠯᠦᠭᠴᠢ ᠠᠴᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠩᠭᠠᠨ᠎ᠠ ᠃  3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ ᠃  4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ ᠬᠠᠩᠭᠠᠨ᠎ᠠ ᠃  6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠤᠷᠤᠯᠠᠨ ᠭᠦᠢᠴᠡᠳᠭᠡᠬᠦ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠤᠭᠲᠤᠯᠤᠭᠰᠠᠨ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ ᠃  7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠤᠭᠲᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp.gov.cn︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃  8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃  ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ  ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠨᠢ 2025 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ ᠠᠴᠠ 2025 ᠣᠨ ᠤ 04 ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 15᠄ 00 — 18᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃  ᠲᠠᠪᠤ ᠂ ᠬᠠᠷᠢᠯᠴᠠᠬᠤ ᠠᠷᠭ᠎ᠠ ᠮᠠᠶ᠋ᠢᠭ  ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ  ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠪᠠᠶᠠᠨᠭᠤᠤᠯ ᠪᠠᠯᠭᠠᠰᠤᠨ ᠤ ᠪᠦᠯᠬᠦᠮᠳᠡᠯ ᠵᠠᠮ ᠤᠨ ᠤᠰᠤ ᠵᠠᠰᠠᠬᠤ ᠭᠤᠳᠤᠮᠵᠢ ᠶᠢᠨ 1 ᠳ᠋ᠦ᠋ᠭᠡᠷ ᠲᠣᠭᠠᠲᠤ  ᠰᠢᠦᠳᠠᠨ ᠨᠣᠮᠧᠷ᠄ 015299  ᠬᠠᠷᠢᠯᠴᠠᠬᠤ ᠬᠥᠮᠦᠨ᠄ ᠶᠦᠨ ᠰᠢᠤᠢ ᠴᠧᠩ ᠂ ᠯᠢᠦ ᠰᠢᠶᠤᠤ ᠵᠢᠶᠧ  ᠬᠠᠷᠢᠯᠴᠠᠬᠤ ᠤᠲᠠᠰᠤ᠄ 0471 — 4237636 ᠂ 15147869709 ᠂ 18504840862 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号