ᠰᠢᠨᠬᠤᠸᠠ ᠬᠤᠷᠢᠶᠠᠨ ᠤ ᠰᠢᠶᠠᠩᠭᠠᠩ ᠤᠨ 4 ᠳ᠋ᠦ᠋ᠭᠡᠷ ᠰᠠᠷ᠎ᠠ ᠶᠢᠨ 1 ᠤ ᠡᠳᠦᠷ ᠤᠨ ᠴᠠᠭᠢᠯᠭᠠᠨ ᠮᠡᠳᠡᠭᠡ ︵ | ᠬᠤᠸᠠᠩ ᠴᠢᠶᠠᠨ ᠲᠢᠶᠠᠨ︶ ᠰᠢᠶᠠᠩᠭᠠᠩ ᠤᠨ ᠵᠠᠰᠠᠭ ᠵᠠᠭᠢᠷᠭᠠᠨ ᠤ ᠣᠠᠴᠠᠭᠠᠢ ᠣᠷᠣᠠ ᠤ ᠲᠠᠷᠤᠭ᠎ᠠ ᠯᠢ ᠵᠢᠶᠠ ᠴᠣᠤ | ᠪᠤᠯᠣᠠ ᠣᠰᠣᠠ ᠠᠰᠢᠬᠯᠠᠯᠲᠠ ᠶᠢᠨ ᠶᠠᠮᠣᠠ ᠤ ᠰᠠᠶᠢᠣᠠ ᠯᠢ ᠬᠦᠸᠧ ᠶᠢᠩ 1 ᠤ ᠡᠳᠦᠷ ᠰᠢᠶᠠᠩᠭᠠᠩ ᠤᠨ ᠯᠢ ᠪᠢᠨ | ᠣᠷᠲᠣᠠ ᠳᠤ ᠠᠭᠤᠯᠵᠠᠵᠤ ᠂ ᠤᠰᠤᠨ ᠠᠰᠢᠭᠯᠠᠯᠲᠠ ᠶᠢᠨ ᠶᠠᠮᠤᠨ ᠪᠣᠯᠣᠨ ᠰᠢᠶᠠᠩᠭᠠᠩ ᠤᠨ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠭᠠᠷ ᠤᠨ ᠦᠰᠦᠭ ᠵᠢᠷᠤᠭᠰᠠᠨ ︽ᠤᠰᠤᠨ ᠳᠤ ᠬᠤᠯᠪᠣᠭᠳᠠᠬᠤ | ᠬᠡᠷᠡᠭ ᠶᠠᠪᠤᠳᠠᠯ ᠤᠨ ᠬᠠᠮᠢᠶᠠᠷᠤᠯᠲᠠ ᠪᠣᠯᠣᠨ ᠬᠠᠮᠲᠤᠷᠠᠯᠴᠠᠭᠠᠨ ᠤ ᠲᠣᠬᠢᠷᠠᠭᠤᠯᠤᠯᠲᠠ︾ ︵ᠳᠣᠷᠣᠭᠰᠢ ︽ | ᠬᠠᠮᠲᠤᠷᠠᠯᠴᠠᠭᠠᠨ ᠤ ᠵᠥᠪᠯᠡᠯᠴᠡᠭᠡᠷ︾ ᠭᠡᠵᠦ ᠳᠥᠭᠦᠮᠴᠢᠯᠡᠨ᠎ᠡ︶ ᠶᠢ ᠬᠠᠮᠲᠤᠪᠠᠷ ᠭᠡᠷᠡᠴᠢᠯᠡᠪᠡ ᠃ | ᠰᠢᠶᠠᠩᠭᠠᠩ ᠤᠨ ᠵᠠᠰᠠᠭ ᠵᠠᠭᠢᠷᠭᠠᠨ ᠤ ᠤᠨᠴᠠᠭᠠᠢ ᠤᠷᠤᠨ ᠤ ᠵᠠᠰᠠᠭ ᠤᠨ ᠤᠷᠲᠤᠨ ᠤ ᠬᠦᠭᠵᠢᠭᠦᠯᠦᠯᠲᠠ ᠶᠢᠨ | ᠲᠤᠪᠴᠢᠶᠠᠨ ᠤ ᠲᠠᠷᠤᠭ᠎ᠠ ᠨᠢᠩ ᠬᠠᠨ ᠬᠤᠤ ᠪᠤᠯᠤᠨ ᠤᠰᠤᠨ ᠠᠰᠢᠭᠯᠠᠯᠲᠠ ᠶᠢᠨ ᠶᠠᠮᠤᠨ ᠤ ᠠᠯᠪᠡᠨ ᠲᠢᠩᠭᠢᠮ ᠤᠨ | ᠡᠷᠭᠢᠯᠡᠭᠴᠢ ᠲᠠᠩ ᠯᠢᠶᠠᠩ ᠰᠢᠶᠠᠩᠭᠠᠩ ᠤᠨ ᠵᠠᠰᠠᠭ ᠵᠠᠭᠢᠷᠭᠠᠨ ᠤ ᠤᠨᠴᠠᠭᠠᠢ ᠤᠷᠤᠨ ᠤ ᠵᠠᠰᠠᠭ ᠤᠨ ᠤᠷᠲᠤᠨ ᠪᠤᠯᠤᠨ | ᠤᠰᠤᠨ ᠠᠰᠢᠭᠯᠠᠯᠲᠠ ᠶᠢᠨ ᠶᠠᠮᠤᠨ ᠢ ᠲᠤᠰ ᠲᠤᠰ ᠲᠦᠯᠦᠭᠡᠯᠡᠨ ᠬᠠᠮᠲᠤᠷᠠᠨ ᠠᠵᠢᠯᠯᠠᠬᠤ ᠬᠡᠯᠡᠯᠴᠡᠬᠡᠷ ᠲᠤᠭᠲᠠᠪᠠ ᠃ | ᠬᠠᠮᠲᠤᠷᠠᠯᠴᠠᠭᠠᠨ ᠤ ᠵᠥᠪᠯᠡᠯᠴᠡᠭᠡᠷ ᠲᠤ ᠵᠦᠵᠢᠶᠠᠩ ᠮᠥᠷᠡᠨ ᠤ ᠠᠮᠠ ᠵᠢᠴᠢ ᠭᠤᠸᠠᠩᠳᠦ᠋ᠩ ᠭᠠᠷᠠᠮ ᠤᠨ ᠵᠠᠭᠠᠭ ᠢ | ᠵᠠᠰᠠᠬᠤ ᠪᠠ ᠬᠠᠮᠠᠭᠠᠯᠠᠬᠤ ᠶᠢ ᠴᠢᠩᠭᠠᠳᠬᠠᠵᠤ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠂ ᠤᠰᠤ ᠬᠠᠩᠭᠠᠬᠤ | ᠠᠮᠤᠷ ᠲᠦᠪᠰᠢᠨ ᠂ ᠲᠥᠯᠥᠪᠵᠢᠭᠦᠯᠭᠡ ᠵᠢᠴᠢ ᠲᠤᠰᠬᠠᠢ ᠬᠡᠷᠡᠭ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠴᠢᠳᠠᠪᠤᠷᠢᠲᠠᠨ ᠢ ᠬᠥᠮᠦᠵᠢᠭᠦᠯᠬᠦ ᠂ ᠤᠰᠤᠨ ᠠᠰᠢᠭᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠪᠠ ᠃ | ᠯᠢ ᠵᠢᠶᠠ ᠴᠤᠤ ᠤᠰᠤᠨ ᠠᠰᠢᠭᠯᠠᠯᠲᠠ ᠶᠢᠨ ᠶᠠᠮᠤᠨ ᠤ ᠰᠢᠶᠠᠩᠭᠠᠩ ᠤᠨ ᠤᠰᠤ ᠬᠠᠩᠭᠠᠬᠤ ᠪᠠ ᠦᠶᠡᠷ ᠢ | ᠰᠡᠷᠭᠡᠶᠢᠯᠡᠬᠦ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠭᠰᠡᠨ ᠳᠤ ᠲᠠᠯᠠᠷᠬᠠᠪᠠ ᠃ ᠲᠡᠷᠡ ᠂ ᠡᠨᠡ ᠵᠢᠯ ᠪᠣᠯ | ᠳ᠋ᠦᠩᠵᠢᠶᠠᠩ ᠤᠨ ᠤᠰᠤ ᠬᠠᠩᠭᠠᠬᠤ ᠭᠠᠷᠠᠮ ᠤᠨ 60 ᠵᠢᠯ ᠤᠨ ᠤᠢ ᠪᠣᠯᠤᠨ᠎ᠠ ᠂ ᠣᠨᠴᠠᠭᠠᠢ ᠣᠷᠣᠨ ᠤ ᠵᠠᠰᠠᠭ ᠤᠨ | ᠣᠷᠳᠣᠨ ᠪᠣᠯᠤᠨ ᠤᠰᠤᠨ ᠠᠰᠢᠭᠯᠠᠯᠲᠠ ᠶᠢᠨ ᠶᠠᠮᠤᠨ ᠡᠨᠡ ᠬᠦ ᠬᠦᠰᠢᠶ᠎ᠡ ᠳᠤ ᠴᠠᠭ ᠢᠮᠠᠭᠲᠠ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠵᠤ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠣᠨᠴᠠᠭᠠᠢ ᠠᠴᠢ ᠬᠤᠯᠪᠣᠭᠳᠠᠯ ᠲᠠᠢ ᠶᠤᠮ ᠃ | ᠣᠨᠴᠠᠭᠠᠢ ᠣᠷᠣᠨ ᠤ ᠵᠠᠰᠠᠭ ᠤᠨ ᠣᠷᠳᠣᠨ ᠢᠷᠡᠭᠡᠳᠦᠢ ᠳᠤ ᠦᠷᠭᠦᠯᠵᠢᠯᠡᠨ ᠤᠰᠤᠨ ᠤ ᠡᠬᠢ ᠪᠠᠶᠠᠯᠢᠭ ᠢ ᠠᠷᠪᠢᠯᠠᠬᠤ | ᠵᠢᠴᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠠᠷ ᠶᠡᠭᠡ ᠵᠠᠷᠴᠢᠮ ᠪᠣᠯᠭᠠᠵᠤ ᠂ ᠤᠰᠤᠨ | ᠠᠰᠢᠭᠯᠠᠯᠲᠠ ᠶᠢᠨ ᠶᠠᠮᠤᠨ ᠲᠠᠢ ᠭᠠᠷ ᠬᠤᠯᠪᠣᠨ ᠵᠡᠷᠭᠡ ᠪᠠᠷ ᠤᠷᠤᠭᠰᠢᠯᠠᠵᠤ ᠂ ᠰᠢᠶᠠᠩᠭᠠᠩ ᠳᠤ ᠤᠰᠤ ᠬᠠᠩᠭᠠᠬᠤ | ᠠᠮᠤᠷ ᠲᠦᠪᠰᠢᠨ ᠂ ᠵᠦᠵᠢᠶᠠᠩ ᠮᠥᠷᠡᠨ ᠤ ᠠᠮᠠ ᠵᠢᠴᠢ ᠭᠤᠸᠠᠩᠳᠦ᠋ᠩ ᠰᠢᠶᠠᠩᠭᠠᠩ ᠤᠨ ᠵᠠᠭᠠᠭ ᠤᠨ ᠭᠤᠤᠯ ᠤᠨ | ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠪᠠ | ᠪᠠᠲᠤᠯᠠᠭ᠎ᠠ ᠬᠠᠩᠭᠠᠨ᠎ᠠ ᠭᠡᠵᠦ ᠬᠡᠯᠡᠪᠡ ᠃ | ᠯᠢ ᠭᠦᠸᠧ ᠶᠢᠩ ᠢᠯᠡᠷᠬᠡᠶᠢᠯᠡᠬᠦ ᠳᠡᠭᠡᠨ ᠂ ᠲᠣᠭᠲᠠᠮᠠᠯ ᠰᠣᠯᠢᠯᠴᠠᠭ᠎ᠠ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠬᠤ ᠪᠣᠯ ᠳᠣᠲᠣᠷ ᠭᠠᠵᠠᠷ ᠬᠢᠭᠡᠳ ᠰᠢᠶᠠᠩᠭᠠᠩ ᠤᠨ ᠤᠰᠤᠨ ᠳᠤ ᠬᠤᠯᠪᠣᠭᠳᠠᠬᠤ ᠶᠠᠪᠤᠳᠠᠯ ᠤᠨ ᠲᠤᠬᠠᠶ | ᠬᠠᠮᠲᠤᠷᠠᠯᠴᠠᠭᠠᠨ ᠤ ᠰᠢᠨ᠎ᠡ ᠪᠡᠯᠭᠡ ᠲᠡᠮᠳᠡᠭ ᠮᠥᠨ ᠃ ᠤᠰᠤᠨ ᠠᠰᠢᠭᠯᠠᠯᠲᠠ ᠶᠢᠨ ᠶᠠᠮᠤᠨ ᠠᠴᠠ ᠰᠢᠶᠠᠩᠭᠠᠩ ᠤᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠯᠤᠭ᠎ᠠ ᠶᠢᠨ ᠤᠰᠤᠨ ᠠᠰᠢᠭᠯᠠᠯᠲᠠ ᠶᠢᠨ | ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ ᠂ ᠶᠡᠭᠡ ᠪᠤᠯᠤᠩ ᠤᠨ ᠣᠷᠣᠨ ᠤ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ ᠂ ᠭᠤᠸᠠᠩᠳᠦ᠋ᠩ ᠰᠢᠶᠠᠩᠭᠠᠩ | ᠣᠣᠮᠧᠨ ᠤ ᠶᠡᠭᠡ ᠪᠤᠯᠤᠩ ᠤᠨ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠪᠠᠲᠤ ᠪᠠᠬᠢ ᠤᠰᠤᠨ ᠤ ᠠᠮᠤᠷ | ᠲᠦᠪᠰᠢᠨ ᠤ ᠪᠠᠲᠤᠯᠠᠭ᠎ᠠ ᠬᠠᠩᠭᠠᠨ᠎ᠠ ᠭᠡᠪᠡ ᠃ | ᠵᠣᠬᠢᠶᠠᠭᠴᠢ᠄ ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ | |