ᠤᠰᠤ ᠠᠷᠪᠢᠯᠠᠵᠤ ᠤᠰᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ ᠡᠬᠡ ᠤᠯᠤᠰ ᠤᠨ ᠤᠮᠠᠷᠠᠲᠤ ᠬᠢᠯᠢ ᠶᠢᠨ ᠬᠥᠮᠥᠨ ᠤᠰᠤᠨ ᠤ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠵᠢᠷᠤᠭᠯᠠᠪᠠ
ᠨᠡᠶᠢᠲᠡᠯᠡᠭᠰᠡᠨ ᠴᠠᠭ᠄
2025/4/9
  ᠤᠰᠤ ᠠᠷᠪᠢᠯᠠᠵᠤ ᠤᠰᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ ᠡᠬᠡ ᠤᠯᠤᠰ ᠤᠨ ᠤᠮᠠᠷᠠᠲᠤ ᠬᠢᠯᠢ ᠶᠢᠨ ᠬᠥᠮᠥᠨ ᠤᠰᠤᠨ ᠤ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠵᠢᠷᠤᠭᠯᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠱᠦᠵᠢ  ᠲᠠᠨ ᠬᠤᠸᠠ    ᠨᠤᠨ ᠮᠥᠷᠡᠨ ᠤ ᠤᠰᠤ ᠮᠢᠩᠭᠠᠨ ᠭᠠᠵᠠᠷ ᠤᠨ ᠬᠥᠬᠡᠮᠳᠦᠭ ᠤᠰᠤ ᠲᠠᠢ ᠂ ᠨᠣᠮᠢᠨ ᠭᠤᠣᠯ ᠲᠦᠮᠡᠨ ᠡᠷᠦᠭᠡ ᠶᠢ ᠤᠮᠳᠠᠯᠠᠨ᠎ᠠ ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠠᠪᠠ ᠭᠠᠵᠠᠷ ᠤᠨ ᠲᠠᠯᠠᠪᠠᠢ ᠨᠢ 50 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠭᠤᠣᠯ ᠮᠥᠷᠡᠨ 65 ᠵᠤᠷᠪᠤᠰ ᠪᠠᠶᠢᠵᠦ ᠂ ᠡᠲᠡᠭᠡᠷ ᠤᠷᠤᠰᠴᠤ ᠪᠠᠶᠢᠭ᠎ᠠ ᠠᠮᠢ ᠨᠠᠰᠤᠨ ᠤ ᠡᠬᠢ ᠰᠤᠷᠪᠤᠯᠵᠢ ᠨᠢ ᠡᠨᠡ ᠬᠦ ᠨᠤᠲᠤᠭ ᠳᠡᠪᠢᠰᠬᠡᠷ ᠲᠤ ᠮᠤᠷᠤᠯᠵᠠᠨ ᠰᠦᠯᠵᠢᠯᠳᠦᠵᠦ ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠪᠣᠶ ᠪᠣᠯᠭᠠᠵᠤ ᠂ ᠠᠭᠤᠯᠠ ᠤᠰᠤᠨ ᠤ ᠦᠵᠡᠰᠬᠦᠯᠡᠩᠲᠦ ᠰᠠᠶᠢᠬᠠᠨ ᠢ ᠵᠢᠷᠤᠭᠯᠠᠵᠠᠢ ᠃ ᠤᠢᠢᠷ᠎ᠠ ᠶᠢᠨ ᠵᠢᠯ ᠠᠴᠠ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠤᠰᠤ ᠪᠠᠷ ᠳᠥᠷᠪᠡᠨ ᠵᠦᠢᠯ ᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠤᠰᠤ ᠠᠷᠪᠢᠯᠠᠬᠤ ᠤᠰᠤ ᠬᠠᠮᠠᠭᠠᠯᠠᠬᠤ ᠰᠢᠨ᠎ᠡ ᠬᠠᠷᠢᠭᠤᠯᠲᠠ ᠶᠢᠨ ᠬᠠᠭᠤᠳᠠᠰᠤ ᠂ ᠬᠥᠮᠦᠨ ᠤᠰᠤᠨ ᠤ ᠡᠶ᠎ᠡ ᠵᠣᠬᠢᠴᠠᠩᠭᠤᠢ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ ᠃  ᠳᠦᠷᠢᠮ ᠤᠨ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠰᠢᠬᠦ ᠬᠡᠷᠡᠭᠲᠡᠢ ᠃ ᠬᠤᠰᠢᠭᠤᠨ ᠤ ᠨᠠᠮ ᠤᠨ ᠬᠤᠷᠢᠶ᠎ᠠ ᠥᠨᠳᠥᠷ ᠪᠠᠶᠢᠷᠢᠨ ᠳᠤ ᠨᠢᠭᠡᠳᠦᠯᠲᠡᠶ ᠲᠥᠯᠥᠪᠯᠡᠵᠦ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ ᠂ ᠤᠰᠤᠨ ᠠᠰᠢᠭᠯᠠᠯᠲᠠ ᠶᠢ ᠭᠤᠤᠯᠯᠠᠨ ᠠᠳᠬᠤᠬᠤ ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠂ ᠪᠥᠬᠦ ᠠᠷᠠᠳ ᠢᠶᠠᠷ ᠢᠶᠠᠨ ᠣᠷᠣᠯᠴᠠᠬᠤ︾ ᠲᠣᠭᠲᠠᠴᠠ ᠶᠢ ᠪᠠᠶᠢᠭᠤᠯᠤᠨ ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠤᠰᠤ ᠠᠷᠪᠢᠯᠠᠬᠤ ᠠᠵᠢᠯ ᠤᠨ ︽ᠨᠢᠭᠡ ᠬᠥᠯᠭᠡ ᠰᠢᠲᠠᠷ᠎ᠠ︾ ᠶᠢ ᠪᠦᠷᠢᠯᠳᠦᠭᠦᠯᠦᠨ᠎ᠡ ᠃ ︽ᠮᠣᠷᠢᠨᠳᠠᠪᠠᠭ᠎ᠠ ᠬᠤᠰᠢᠭᠤ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠂ ︽ᠮᠣᠷᠢᠨᠳᠠᠪᠠᠭ᠎ᠠ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠬᠤ ᠬᠡᠷᠡᠭᠵᠢᠭᠦᠯᠬᠦ ᠲᠥᠰᠦᠯ︾ ᠂ ︽ᠮᠣᠷᠢᠨᠳᠠᠪᠠᠭ᠎ᠠ ᠬᠤᠰᠢᠭᠤᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠂ ᠤᠰᠤ ᠬᠡᠷᠡᠭᠯᠡᠬᠦ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠪᠠ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠭ᠎ᠠ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠲᠦᠷᠢᠮ ᠤᠨ ᠪᠠᠲᠤᠯᠠᠭ᠎ᠠ ᠬᠠᠩᠭᠠᠪᠠ ᠃  ᠭᠤᠣᠯ ᠤᠨ ᠳᠠᠷᠤᠭ᠎ᠠ ᠶᠢᠨ ᠳᠦᠷᠢᠮ ᠤᠨ ︽ᠬᠤᠷᠴᠠ ᠵᠡᠪᠰᠡᠭ︾ ᠢ ᠰᠠᠶᠢᠲᠤᠷ  ᠬᠡᠷᠡᠭᠯᠡᠬᠦ ᠬᠡᠷᠡᠭᠲᠡᠢ ᠃ ᠪᠥᠬᠦ ᠬᠤᠰᠢᠭᠤᠨ ᠤ 15 ᠰᠢᠶᠠᠩ ᠪᠠᠯᠭᠠᠰᠤ ᠂ 220 ᠵᠠᠰᠠᠭ ᠵᠠᠬᠢᠷᠭᠠᠨ ᠤ ᠲᠣᠰᠬᠤᠨ ᠤ ᠭᠤᠷᠪᠠᠨ ᠱᠠᠲᠤᠨ ᠤ ᠭᠤᠤᠯ ᠮᠥᠷᠡᠨ ᠤ ᠳᠠᠷᠤᠭ᠎ᠠ ᠶᠢᠨ ᠰᠢᠰᠲ᠋ᠧᠮ ᠳᠤ ᠲᠦᠰᠢᠭᠯᠡᠨ ᠂ ᠤᠰᠤ ᠠᠷᠪᠢᠯᠠᠵᠤ ᠤᠰᠤ ᠶᠢ ᠬᠠᠮᠠᠭᠠᠯᠠᠬᠤ ᠂ ᠡᠳᠦᠷ ᠲᠤᠲᠤᠮ ᠤᠨ ᠭᠤᠤᠯ ᠮᠥᠷᠡᠨ ᠢ ᠴᠠᠭᠳᠠᠬᠤ ᠂ ᠬᠠᠮᠢᠶᠠᠷᠤᠨ ᠬᠠᠮᠠᠭᠠᠯᠠᠬᠤ ᠪᠠ ᠬᠢᠨᠠᠯᠲᠠ ᠲᠠᠯᠪᠢᠬᠤ ᠳᠤ ᠠᠭᠤᠰᠤᠯᠴᠠᠭᠤᠯᠤᠨ᠎ᠠ ᠃ ︽ᠪᠣᠬᠢᠷᠲᠤᠯ ᠢ ᠵᠠᠰᠠᠵᠤ ᠤᠰᠤ ᠠᠷᠪᠢᠯᠠᠬᠤ ᠶᠢ ᠠᠬᠢᠭᠤᠯᠬᠤ︾ ᠪᠠᠷ ᠬᠠᠷᠠᠯᠲᠠ ᠪᠣᠯᠭᠠᠵᠤ ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠶᠢ ᠬᠤᠯᠪᠣᠭᠠᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ ᠤᠰᠤᠨ ᠤ ᠪᠣᠬᠢᠷᠲᠤᠯ ᠢ ᠡᠬᠢ ᠡᠭᠦᠰᠦᠯ ᠠᠴᠠ ᠨᠢ ᠪᠠᠭᠠᠰᠬᠠᠨ ᠂ ᠤᠰᠤᠨ ᠠᠰᠢᠭᠯᠠᠯᠲᠠ ᠶᠢᠨ ᠬᠡᠷᠡᠭᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠬᠢᠭᠡᠳ ᠤᠰᠤ ᠠᠷᠪᠢᠯᠠᠬᠤ ᠦᠷ᠎ᠡ ᠠᠰᠢᠭ ᠤᠨ ︽ᠬᠤᠣᠰ ᠠᠮᠵᠢᠯᠲᠠ︾ ᠶᠢ ᠪᠡᠶᠡᠯᠡᠭᠦᠯᠪᠡ ᠃  ᠲᠠᠷᠢᠶᠠᠯᠠᠩ ᠤᠨ ᠤᠰᠤ ᠠᠷᠪᠢᠯᠠᠬᠤ ︽ᠨᠠᠷᠢᠯᠢᠭ ᠲᠠᠷᠢᠵᠤ ᠨᠢᠮᠪᠠᠢ ᠠᠷᠠᠴᠢᠯᠠᠬᠤ︾ ᠬᠡᠷᠡᠭᠲᠡᠢ ᠃ ᠤᠰᠤ ᠠᠷᠪᠢᠯᠠᠵᠤ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠨ ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ ᠂ ᠨᠡᠶᠢᠲᠡ 127.55 ᠲᠦᠮᠡᠨ ᠮᠦ ᠭᠠᠵᠠᠷ ᠰᠢᠷᠣᠶ ᠶᠢ ᠬᠡᠷᠡᠭᠵᠢᠭᠦᠯᠪᠡ ᠃ ᠮᠠᠰᠢᠨ ᠴᠠᠬᠢᠯᠭᠠᠨ ᠬᠤᠳᠳᠤᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠂ ᠰᠦᠷᠴᠢᠨ ᠤᠰᠤᠯᠠᠬᠤ ᠮᠡᠷᠭᠡᠵᠢᠯ ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠬᠠᠭᠤᠷᠠᠶ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ ᠂ ︽ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠂ ᠭᠠᠷᠤᠯᠲᠠ ᠭᠠᠷᠭᠠᠯᠲᠠ ᠶᠢᠨ ᠦᠷ᠎ᠡ ᠠᠰᠢᠭ ᠢ ᠨᠡᠮᠡᠭᠳᠡᠭᠦᠯᠬᠦ︾ ᠶᠢ ᠪᠡᠶᠡᠯᠡᠭᠦᠯᠪᠡ ᠃ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠰᠢᠭᠯᠠᠯᠲᠠ ᠳᠤ ᠣᠷᠣᠬᠤ ᠶᠢ ᠵᠡᠷᠭᠡᠪᠡᠷ ᠠᠬᠢᠭᠤᠯᠵᠤ ᠂ ᠨᠢᠷᠭᠢ ᠤᠰᠤᠨ ᠠᠰᠢᠭᠯᠠᠯᠲᠠ ᠶᠢᠨ ᠬᠦᠢᠰᠦ ᠶᠢᠨ ᠳᠣᠤᠷᠠᠳᠤ ᠤᠷᠤᠰᠬᠠᠯ ᠤᠨ ᠥᠪᠥᠷ ᠮᠣᠩᠭᠤᠯ ᠤᠨ ᠤᠰᠤᠯᠠᠯᠲᠠ ᠶᠢᠨ ᠣᠷᠣᠨ ᠪᠠᠶᠢᠭᠤᠯᠤᠭᠳᠠᠭᠰᠠᠨ ᠤ ᠳᠠᠷᠠᠭ᠎ᠠ ᠂ 30.27 ᠲᠦᠮᠡᠨ ᠮᠥ ᠲᠠᠷᠢᠶᠠᠨ ᠭᠠᠵᠠᠷ ᠲᠤ ︽ᠨᠠᠷᠢᠯᠢᠭ ᠣᠨᠣᠴᠠᠲᠠᠶ ᠪᠠᠷ ᠬᠡᠮᠵᠢᠬᠦ ᠂ ᠣᠶᠤᠨᠴᠢ ᠳᠣᠭᠢᠷᠠᠭᠤᠯᠬᠤ︾ ᠤᠰᠤᠯᠠᠯᠲᠠ ᠶᠢ ᠪᠡᠶᠡᠯᠡᠭᠦᠯᠵᠦ ᠂ ᠨᠡᠪᠴᠢᠬᠦ ᠶᠢ ᠰᠡᠷᠭᠡᠶᠢᠯᠡᠬᠦ ᠰᠤᠪᠠᠭ ᠬᠢᠭᠡᠳ ᠠᠦ᠋ᠲ᠋ᠣᠴᠢᠯᠠᠭᠰᠠᠨ ᠬᠠᠮᠢᠶᠠᠷᠤᠯᠲᠠ ᠶᠢ ᠪᠦᠲᠦᠮᠵᠢᠲᠡᠶ ᠰᠢᠢᠳᠪᠦᠷᠢᠯᠡᠪᠡ ᠃  ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ︽ᠨᠠᠷᠢᠨ ᠨᠢᠮᠪᠠᠢ ᠲᠥᠯᠥᠪᠯᠡᠨ ᠪᠤᠳᠤᠬᠤ︾ ᠬᠡᠷᠡᠭᠲᠡᠢ ᠃ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠤᠰᠤ ᠠᠪᠬᠤ ᠵᠥᠪᠰᠢᠶᠡᠷᠡᠯ ᠤᠨ ︽ᠣᠷᠣᠬᠤ ᠡᠭᠦᠳᠡ︾ ᠶᠢ ᠴᠢᠩᠭ᠎ᠠ ᠰᠠᠬᠢᠵᠤ ᠂ ᠤᠰᠤ ᠶᠡᠭᠡ ᠬᠤᠷᠣᠭᠳᠠᠭᠤᠯᠬᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠦᠨ᠎ᠡ ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠠᠪᠴᠠᠩ ᠢ ᠪᠠᠶᠢᠭᠤᠯᠵᠤ ᠂ ᠪᠦᠬᠦ ᠶᠠᠪᠤᠴᠠ ᠪᠠᠷ ᠤᠰᠤ ᠬᠡᠷᠡᠭᠯᠡᠬᠦ ᠬᠦᠴᠦᠯᠡᠴᠡ ᠶᠢ ᠮᠥᠷᠳᠡᠵᠦ ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠤᠰᠤ ᠶᠢ ᠡᠷᠭᠢᠯᠳᠦᠭᠦᠯᠦᠨ ᠬᠡᠷᠡᠭᠯᠡᠬᠦ ᠶᠢ ᠭᠡᠳᠡᠷᠭᠦ ᠰᠢᠬᠠᠮᠳᠠᠭᠤᠯᠤᠨ᠎ᠠ ᠃ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠯᠭᠠᠷᠠᠭᠤᠯᠬᠤ ᠶᠢ ᠢᠳᠡᠪᠬᠢᠲᠡᠶ ᠥᠷᠨᠢᠭᠦᠯᠦᠨ ᠂ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠵᠤ ᠂ ᠴᠡᠭ ᠢᠶᠠᠷ ᠨᠡᠶᠢᠳᠡᠮ ᠢ ᠳᠠᠶᠢᠴᠢᠯᠠᠨ ᠠᠵᠤ ᠦᠢᠯᠡᠳᠪᠦᠷᠢ ᠶᠢᠨ ᠤᠰᠤ ᠠᠷᠪᠢᠯᠠᠬᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ ᠃  ᠬᠤᠲᠠ ᠬᠥᠳᠡᠭᠡ ᠶᠢᠨ ᠤᠰᠤ ᠠᠷᠪᠢᠯᠠᠬᠤ ᠳᠤ ︽ᠨᠢᠭᠲᠠ ᠠᠴᠠ ᠨᠢᠭᠲᠠ︾ ᠪᠠᠶᠢᠬᠤ ᠬᠡᠷᠡᠭᠲᠡᠢ ᠃ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠬᠡᠷᠡᠭᠵᠢᠭᠦᠯᠵᠦ ᠂ ᠨᠢᠷᠬᠢ ᠪᠠᠯᠭᠠᠰᠤᠨ ᠤ ᠲᠣᠭᠤᠷᠢᠭ ᠤᠨ ᠬᠠᠭᠤᠴᠢᠨ ᠬᠤᠭᠤᠯᠠᠶ ᠶᠢᠨ ᠲᠣᠤᠷ ᠤᠨ 26.4 ᠺᠢᠯᠤᠮᠧᠲᠷ ᠤᠨ ᠥᠭᠡᠷᠡᠴᠢᠯᠡᠯᠲᠡ ᠶᠢ ᠪᠡᠶᠡᠯᠡᠭᠦᠯᠵᠦ ᠂ ᠮᠢᠩᠭ᠎ᠠ ᠰᠢᠬᠠᠮ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ ᠂ ︽ᠭᠤᠭᠤᠵᠢᠬᠤ︾ ᠠᠰᠠᠭᠤᠳᠠᠯ ᠢ ᠰᠢᠢᠳᠪᠦᠷᠢᠯᠡᠪᠡ︔ ᠬᠥᠳᠡᠭᠡ ᠲᠣᠰᠬᠤᠨ ᠤ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ ᠥᠷᠭᠡᠳᠬᠡᠨ ᠪᠠᠶᠢᠭᠤᠯᠬᠤ ᠶᠢ ᠠᠬᠢᠭᠤᠯᠵᠤ ᠂ ᠨᠠᠷᠢᠯᠢᠭ ᠣᠨᠣᠴᠠᠲᠠᠶ ᠪᠠᠷ ᠡᠷᠦᠬᠡ ᠳᠤ ᠬᠦᠷᠭᠡᠬᠦ ᠶᠢ ᠪᠡᠶᠡᠯᠡᠭᠦᠯᠦᠭᠰᠡᠨ ᠪᠠᠶᠢᠨ᠎ᠠ ᠃ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ ᠬᠢᠭᠡᠳ ᠰᠠᠭᠤᠭᠠᠯᠢ ᠠᠷᠠᠳ ᠤᠨ ᠪᠤᠰᠤ ᠲᠥᠯᠥᠪᠯᠡᠭᠡ ᠠᠴᠠ ᠳᠠᠪᠠᠭᠤᠯᠤᠨ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠴᠢᠩᠭ᠎ᠠ ᠬᠡᠷᠡᠭᠵᠢᠭᠦᠯᠵᠦ ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠨᠡᠮᠡᠭᠳᠡᠭᠦᠯᠪᠡ ᠃  ᠬᠡᠪ ᠤᠨ ᠪᠤᠰᠤ ᠤᠰᠤᠨ ᠰᠤᠷᠪᠤᠯᠵᠢ ᠶᠢᠨ ︽ᠳᠠᠯᠳᠠ ᠬᠦᠴᠦᠨ︾ ᠢ ᠬᠦᠭᠵᠢᠭᠡᠬᠦ ᠬᠡᠷᠡᠭᠲᠡᠢ ᠃ ᠳᠤᠮᠳᠠ ᠤᠰᠤ ᠲᠠᠢ ᠂ ᠠᠰᠢᠭᠯᠠᠬᠤ ᠳᠤ ᠬᠦᠴᠢᠷ ᠠᠰᠠᠭᠤᠳᠠᠯ ᠳᠤ ᠴᠢᠭᠯᠡᠭᠦᠯᠦᠨ ᠂ ᠰᠢᠢᠳᠪᠦᠷᠢᠯᠡᠭᠳᠡᠬᠦᠢ ᠰᠡᠳᠭᠢᠭᠦᠢ ᠶᠢ ᠪᠠᠷᠢᠮᠲᠠᠯᠠᠨ ᠂ ᠢᠳᠡᠪᠬᠢᠲᠡᠶ ᠪᠠᠷ ᠰᠡᠳᠦᠪ ᠢ ᠡᠪᠳᠡᠵᠦ ᠂ ᠳᠤᠮᠳᠠ ᠤᠰᠤ ᠨᠥᠬᠦᠪᠥᠷᠢᠯᠡᠬᠦ ᠥᠷᠲᠡᠭᠡ ᠶᠢ ᠰᠢᠨ᠎ᠡ ᠪᠠᠷ ᠡᠭᠦᠳᠦᠨ ᠪᠠᠶᠢᠭᠤᠯᠵᠤ ᠂ ᠬᠤᠭᠤᠯᠠᠶ ᠶᠢᠨ ᠲᠣᠤᠷ ᠤᠨ ᠬᠢᠵᠠᠭᠠᠷᠯᠠᠯ ᠢ ᠠᠮᠢᠳᠤᠯᠢᠭ ᠲᠣᠬᠢᠷᠠᠭᠤᠯᠬᠤ ᠪᠠᠷ ᠳᠠᠮᠵᠢᠭᠤᠯᠤᠨ ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠪᠠᠶᠢᠳᠠᠯ ᠢ ᠥᠷᠭᠡᠳᠬᠡᠵᠦ ᠂ ᠵᠢᠯ ᠪᠦᠷᠢ ᠳᠤᠮᠳᠠᠴᠢ ᠪᠠᠷ 50 ᠲᠦᠮᠡᠨ ᠪᠣᠰᠤᠭ᠎ᠠ ᠳᠥᠷᠪᠡᠯᠵᠢᠨ ᠮᠧᠲᠷ ᠳᠤᠮᠳᠠ ᠤᠰᠤ ᠶᠢ ᠡᠭᠡᠭᠦᠯᠦᠨ ᠬᠡᠷᠡᠭᠯᠡᠵᠦ ᠂ ᠨᠣᠭᠤᠭᠠᠷᠠᠭᠤᠯᠬᠤ ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠳᠤ ᠲᠣᠭᠲᠠᠪᠤᠷᠢᠲᠠᠶ ᠤᠰᠤᠨ ᠤ ᠡᠬᠢ ᠰᠤᠷᠪᠤᠯᠵᠢ ᠶᠢ ᠬᠠᠩᠭᠠᠵᠤ ᠂ ︽ᠬᠠᠶᠠᠭᠳᠠᠮᠠᠯ ᠤᠰᠤ︾ ᠶᠢ ᠳᠠᠬᠢᠨ ᠬᠠᠭᠠᠯᠪᠤᠷᠢᠯᠠᠬᠤ ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠡᠶᠡᠯᠡᠭᠦᠯᠪᠡ ᠃  ᠪᠦᠬᠦ ᠠᠷᠠᠳ ᠤᠨ ᠤᠰᠤ ᠠᠷᠪᠢᠯᠠᠬᠤ ︽ᠥᠩ ᠰᠢᠮᠡᠯᠢᠭ ᠬᠥᠷᠥᠰᠥ︾ ᠶᠢ ᠵᠤᠵᠠᠭᠠᠨ ᠲᠠᠷᠢᠬᠤ ᠬᠡᠷᠡᠭᠲᠡᠢ ᠃ ︽ᠳᠡᠯᠡᠬᠡᠶ ᠶᠢᠨ ᠤᠰᠤᠨ ᠤ ᠡᠳᠦᠷ︾ ᠂ ︽ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠠᠵᠠ ᠲᠣᠬᠢᠶᠠᠯ ᠪᠣᠯᠭᠠᠵᠤ ᠂ ᠤᠰᠤ ᠠᠷᠪᠢᠯᠠᠬᠤ ᠤᠬᠠᠭᠤᠯᠭ᠎ᠠ ᠶᠢᠨ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠭᠤᠷᠬᠢ ᠤᠰᠤ ᠠᠷᠪᠢᠯᠠᠬᠤ ᠮᠡᠳᠡᠯᠭᠡ ᠶᠢ ᠠᠭᠤᠰᠤᠯᠴᠠᠭᠤᠯᠤᠨ ᠲᠦᠭᠡᠮᠡᠯᠵᠢᠭᠦᠯᠪᠡ︔ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠵᠤ ᠂ ᠣᠯᠠᠨ ᠲᠦᠮᠡᠨ ᠤ ᠤᠰᠤ ᠠᠷᠪᠢᠯᠠᠵᠤ ᠤᠰᠤ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠵᠤ ᠂ ︽ᠨᠠᠳᠠ ᠪᠠᠷ ᠤᠰᠤ ᠠᠷᠪᠢᠯᠠᠭᠤᠯᠬᠤ︾ ᠠᠴᠠ ︽ᠪᠢ ᠤᠰᠤ ᠠᠷᠪᠢᠯᠠᠬᠤ︾ ᠲᠡᠶᠢᠰᠢ ᠬᠤᠪᠢᠷᠠᠭᠤᠯᠬᠤ ᠶᠢ ᠠᠬᠢᠭᠤᠯᠪᠠ ᠃  ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠬᠦᠴᠦ ᠪᠠᠨ ᠲᠥᠪᠯᠡᠷᠡᠭᠦᠯᠦᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠤᠨᠢᠨ ᠳᠡᠭᠡᠷ᠎ᠡ ᠨᠢ ᠨᠡᠮᠡᠭᠦᠷᠢ ᠥᠭᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠤᠰᠤ ᠠᠷᠪᠢᠯᠠᠬᠤ ᠪᠠ ᠠᠮᠢ ᠠᠬᠤᠢ ᠶᠢᠨ ᠬᠠᠮᠠᠭᠠᠯᠠᠯᠲᠠ ᠂ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠦᠳᠦᠭᠡᠨ ᠪᠠᠶᠢᠭᠤᠯᠬᠤ ᠳᠤ ᠤᠰᠤᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠᠷ ᠴᠢᠨᠠᠷ ᠰᠠᠶᠢᠲᠠᠢ ᠬᠥᠭᠵᠢᠭᠦᠯᠦᠨ᠎ᠡ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号