ᠪᠤᠭᠤᠲᠤ ᠬᠤᠲᠠ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠮᠥᠨ ᠂ ᠤᠰᠤᠨ ᠤ | ᠡᠬᠢ ᠪᠠᠶᠠᠯᠢᠭ ᠳᠤᠲᠠᠭᠳᠠᠵᠤ ᠪᠠᠶᠢᠭ᠎ᠠ ᠨᠢ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠨᠢᠭᠡᠨ ᠲᠣᠮᠣ ᠪᠣᠭᠤᠮᠢ ᠪᠣᠯᠵᠠᠶ ᠃ ︽ᠤᠰᠤᠨ ᠤ ᠬᠦᠴᠢᠷᠳᠡᠯ︾ ᠤᠨ ᠪᠣᠭᠤᠮᠢ ᠶᠢ ᠰᠢᠢᠳᠪᠦᠷᠢᠯᠡᠬᠦ ᠶᠢᠨ | ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠥᠷᠥ ᠶᠢᠨ ᠪᠣᠳᠣᠯᠭ᠎ᠠ ᠶᠢᠨ | ᠵᠢᠯᠣᠭᠤᠳᠣᠯᠭ᠎ᠠ ᠳᠣᠤᠷ᠎ᠠ ᠂ 2025 ᠣᠨ ᠳᠤ ᠂ ᠪᠤᠭᠤᠲᠤ ᠬᠤᠲᠠ ᠤᠰᠤᠨ ᠤ ᠡᠬᠢ ᠪᠠᠶᠠᠯᠢᠭ ᠢ ᠵᠠᠬ᠎ᠠ | ᠳᠡᠯᠭᠡᠭᠦᠷᠴᠢᠯᠡᠨ ᠳᠣᠭᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ ᠂ ᠤᠰᠤ ᠬᠡᠷᠡᠭᠯᠡᠬᠦ | ᠡᠷᠬᠡ ᠶᠢ ᠣᠬᠤᠷ ᠬᠤᠭᠤᠴᠠᠭᠠᠨ ᠤ ᠠᠷᠠᠯᠵᠢᠶᠠᠨ ᠤ ᠲᠣᠭᠲᠠᠴᠠ ᠳᠤ ᠰᠢᠨ᠎ᠡ ᠶᠢ ᠡᠭᠦᠳᠦᠨ ᠬᠡᠷᠡᠭᠵᠢᠭᠦᠯᠵᠦ ᠂ ᠤᠰᠤ | ᠬᠡᠷᠡᠭᠯᠡᠬᠦ ᠡᠷᠦᠬᠡ ᠶᠢ ᠵᠣᠷᠢᠭᠵᠢᠭᠤᠯᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠂ ᠤᠰᠤ ᠠᠷᠪᠢᠯᠠᠬᠤ | ᠮᠡᠷᠭᠡᠵᠢᠯ ᠢ ᠲᠠᠰ ᠳᠡᠪᠰᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ | ᠠᠷᠪᠢᠯᠠᠬᠤ ᠶᠢᠨ ᠬᠠᠮᠲᠤ ᠤᠰᠤ ᠠᠷᠪᠢᠯᠠᠭᠰᠠᠨ ᠤᠰᠤᠨ ᠤ ᠭᠦᠢᠴᠡᠳᠬᠡᠯ ᠲᠤᠭ᠎ᠠ ᠶᠢ ᠵᠠᠬ᠎ᠠ ᠳᠡᠯᠭᠡᠭᠦᠷᠴᠢᠯᠡᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠶᠢ ᠵᠣᠷᠢᠭᠵᠢᠭᠤᠯᠵᠤ ᠂ ᠲᠦᠷᠦᠭᠦᠤ | ᠪᠦᠯᠦᠭ ᠤᠨ ᠣᠬᠤᠷ ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶ᠎ᠠ ᠪᠠᠷ ᠵᠢᠦ ᠶᠤᠸᠠᠨ ᠲᠣᠭᠤᠷᠢᠭ ᠲᠤ | ᠨᠤᠲᠤᠭᠯᠠᠨ ᠦᠨᠳᠦᠰᠦᠯᠡᠬᠦ ᠶᠢ ᠠᠮᠵᠢᠯᠲᠠ ᠲᠠᠢ ᠠᠬᠢᠭᠤᠯᠵᠤ ᠂ 2025 ᠣᠨ ᠤ 4 ᠳ᠋ᠦ᠋ᠭᠡᠷ ᠰᠠᠷ᠎ᠠ ᠶᠢᠨ 21 ᠤ | ᠡᠳᠦᠷ 11 ᠬᠤᠪᠢ ᠣᠬᠤᠷ ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶᠠᠨ ᠤ ᠬᠡᠯᠡᠯᠴᠡᠭᠡᠷ ᠤᠨ ᠪᠢᠴᠢᠭ ᠲᠤ | ᠭᠠᠷ ᠤᠨ ᠥᠰᠥᠭ ᠵᠢᠷᠤᠪᠠ ᠃ ᠲᠣᠰ ᠤᠳᠠᠭᠠᠨ ᠤ ᠠᠷᠠᠯᠵᠢᠶᠠᠨ ᠤ ᠳᠤᠮᠳᠠ ᠂ ᠪᠤᠭᠤᠲᠤ ᠶᠢᠨ ᠪᠣᠯᠣᠳ ᠲᠡᠮᠦᠷ ︵ | ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ 347.95 ᠲᠦᠮᠡᠨ ᠪᠣᠰᠤᠭ᠎ᠠ | ᠳᠥᠷᠪᠡᠯᠵᠢᠨ ᠮᠧᠲᠷ ᠤᠨ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠶᠢ 11 ᠤᠰᠤ ᠬᠡᠷᠡᠭᠯᠡᠬᠦ ᠠᠵᠤ | ᠠᠬᠤᠶᠢᠯᠠᠯ ᠳᠤ ᠣᠨᠣᠪᠴᠢᠲᠠᠶ ᠳᠣᠭᠢᠷᠠᠭᠤᠯᠵᠤ ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠪᠡ ᠃ | ᠪᠤᠭᠤᠲᠤ ᠬᠤᠲᠠ ᠶᠢᠨ ᠤᠰᠤᠨ ᠤ ᠡᠷᠬᠡ ᠶᠢᠨ ᠥᠭᠡᠷᠡᠴᠢᠯᠡᠯᠲᠡ ᠶᠢᠨ ᠦᠷᠭᠦᠯᠵᠢᠯᠡᠨ ᠭᠦᠨᠵᠡᠭᠡᠶᠢᠷᠡᠨ | ᠪᠣᠳᠠᠲᠠᠶᠢᠵᠢᠬᠤ ᠶᠢ ᠳᠠᠭᠠᠯᠳᠤᠨ ᠂ ᠤᠰᠤᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ | ᠳᠡᠭᠡᠭᠰᠢᠯᠡᠵᠦ ᠂ ᠤᠰᠤᠨ ᠤ ᠡᠷᠬᠡ ᠶᠢᠨ ᠠᠷᠠᠯᠵᠢᠶ᠎ᠠ ᠪᠠᠶᠢᠬᠤ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ ᠂ ᠣᠯᠠᠨ | ᠲᠠᠯ᠎ᠠ ᠠᠴᠠ ᠣᠯᠠᠨ ᠬᠡᠮᠵᠢᠯᠳᠦ ᠴᠢᠨᠠᠷᠲᠠᠶ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ ᠃ | ᠲᠣᠰ ᠤᠳᠠᠭᠠᠨ ᠤ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠠᠮᠵᠢᠯᠲᠠ ᠲᠠᠢ ᠦᠢᠯᠡᠳᠦᠯᠭᠡ ᠳᠤ ᠂ | ᠨᠢᠭᠡ ᠳᠤ ᠂ ᠠᠵᠤ ᠠᠬᠤᠶᠢᠯᠠᠯ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠂ ᠠᠵᠤ ᠠᠬᠤᠶᠢᠯᠠᠯ ᠢ | ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠤᠶᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ | ᠬᠠᠤᠯᠢ ᠶᠣᠰᠣᠨ ᠤ ᠤᠰᠤ ᠬᠡᠷᠡᠭᠯᠡᠬᠦ ᠠᠷᠭ᠎ᠠ ᠵᠠᠮ ᠬᠠᠩᠭᠠᠵᠤ ᠂ ᠦᠢᠯᠡᠳᠪᠦᠷᠢᠯᠡᠯ ᠤᠨ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠪᠠ ᠃ ᠬᠤᠶᠠᠷ ᠲᠤ ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠠᠬᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠤᠷᠮᠠᠰᠢᠭᠤᠯᠤᠯ ᠢᠶᠠᠷ ᠳᠠᠮᠵᠢᠭᠤᠯᠤᠨ ᠂ ᠠᠵᠤ | ᠠᠬᠤᠶᠢᠯᠠᠯ ᠤᠨ ︽ᠰᠠᠨᠠᠭᠠᠴᠢᠯᠠᠭ᠎ᠠ ᠦᠭᠡᠢ ᠪᠠᠷ ᠤᠰᠤ ᠠᠷᠪᠢᠯᠠᠬᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ | ᠤᠰᠤ ᠠᠷᠪᠢᠯᠠᠬᠤ︾ ᠲᠡᠶᠢᠰᠢ ᠰᠢᠯᠵᠢᠬᠦ ᠶᠢ ᠠᠬᠢᠭᠤᠯᠵᠤ ᠂ ︽ᠠᠷᠪᠢᠯᠠᠭᠰᠠᠨ ᠤᠰᠤ ᠶᠢ ᠵᠣᠭᠤᠰ ᠪᠠᠷ ᠬᠤᠳᠠᠯᠳᠤᠬᠤ︾ | ᠶᠢ ᠪᠣᠳᠠᠲᠤ ᠠᠬᠤᠢ ᠪᠣᠯᠭᠠᠵᠤ ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠤᠰᠤ ᠠᠷᠪᠢᠯᠠᠬᠤ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ ᠃ ᠭᠤᠷᠪᠠ ᠳᠤ ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ ᠂ ᠤᠰᠤᠨ ᠤ | ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠤᠰᠤ ᠠᠷᠪᠢᠯᠠᠵᠤ ᠭᠠᠷᠤᠯᠲᠠ ᠪᠠᠨ ᠨᠡᠮᠡᠭᠳᠡᠭᠦᠯᠬᠦ | ᠬᠤᠤᠰ ᠠᠮᠵᠢᠯᠲᠠ ᠤᠯᠬᠤ ᠪᠠᠶᠢᠳᠠᠯ ᠢ ᠳᠥᠯᠭᠢᠨ ᠠᠬᠢᠭᠤᠯᠬᠤ ᠶᠠᠪᠤᠳᠠᠯ ᠨᠢ ᠪᠤᠭᠤᠲᠤ ᠬᠤᠲᠠ ᠶᠢᠨ ᠤᠰᠤᠨ ᠤ ᠡᠬᠢ | ᠪᠠᠶᠠᠯᠢᠭ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠬᠦ ᠲᠠᠯ᠎ᠠ ᠪᠠᠷ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ ᠃ | |