ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 10 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ | ᠬᠠᠨ ᠮᠦᠸᠧ ᠵᠧᠩ ᠺᠠᠢ ᠵᠢᠶᠦ᠋ᠨ ︶ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 10 ᠤ ᠦᠳᠡ ᠶᠢᠨ | ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 | ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ | ᠲᠡᠭᠦᠰᠬᠡᠭᠡᠳ ᠪᠡᠭᠡᠵᠢᠩ ᠵᠦᠭ ᠪᠤᠴᠠᠪᠠ ᠃ | ᠮᠣᠰᠺᠸᠠ ᠠᠴᠠ ᠰᠠᠯᠬᠤ ᠦᠶ᠎ᠡ ᠳᠤ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ | ᠣᠷᠳᠣᠨ ᠤ ᠳᠡᠭᠡᠳᠦ ᠲᠤᠰᠢᠶᠠᠯᠲᠠᠳ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ ᠃ | ᠤᠷᠤᠰ ᠤᠨ ᠬᠢᠨ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠦᠳᠡᠬᠦ ᠶᠣᠰᠣᠯᠠᠯ ᠶᠠᠪᠤᠭᠤᠯᠪᠠ ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ ᠂ ᠤᠷᠤᠰ ᠤᠨ ᠠᠭᠠᠷ ᠤᠨ | ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ | ᠳᠤᠮᠳᠠᠳᠤ ᠶᠢᠨ ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ | ᠲᠥᠯᠥᠭᠡᠯᠡᠭᠴᠢ ᠵᠠᠮ ᠤᠨ ᠬᠤᠶᠠᠷ ᠬᠠᠵᠠᠭᠤ ᠪᠠᠷ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ | ᠬᠤᠷᠤᠶᠢᠯᠠᠵᠤ ᠂ ᠰᠢ ᠶᠢᠨ ᠫᠢᠩ ᠤᠨ ᠤᠷᠤᠰ ᠲᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ | ᠪᠠᠶᠠᠷ ᠬᠦᠷᠭᠡᠵᠡᠢ ᠃ | |