ᠲᠤᠬᠠᠢ ᠶᠢᠨ ᠭᠠᠵᠠᠷ ᠤᠨ ᠴᠠᠭ ᠢᠶᠠᠷ 5 ᠳ᠋ᠤᠭᠠᠷ ᠰᠠᠷ᠎ᠠ ᠶᠢᠨ 9 ᠤ ᠡᠳᠦᠷ ᠂ ᠣᠷᠣᠰ ᠤᠨ ᠬᠢᠨ ᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ | ᠳᠤᠷᠠᠰᠬᠠᠬᠤ ᠪᠠᠶᠠᠷ ᠤᠨ ᠶᠣᠰᠣᠯᠠᠯ ᠤᠨ ᠭᠤᠣᠯ ᠲᠠᠶᠢᠰᠠᠨ ᠳᠡᠭᠡᠷ᠎ᠡ ᠂ ᠲᠡᠷᠢᠭᠦᠯᠡᠭᠴᠢ ᠰᠢ ᠶᠢᠨ ᠫᠢᠩ ᠳᠡᠷᠭᠡᠳᠡᠬᠢ | ᠠᠬᠠᠮᠠᠳ ᠪᠠᠶᠢᠯᠳᠤᠭᠴᠢᠳ ᠲᠠᠢ ᠳᠣᠲᠣᠨᠣᠰᠤᠭ ᠢᠶᠠᠷ ᠶᠠᠷᠢᠯᠴᠠᠵᠤ ᠪᠠᠶᠢᠨ᠎ᠠ ᠃ | | | | | | 10 ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠮᠣᠰᠺᠸᠠ ᠳᠤ ᠣᠷᠣᠰ ᠤᠨ ᠠᠬᠠᠮᠠᠳ | ᠪᠠᠶᠢᠯᠳᠤᠭᠴᠢᠳ ᠤᠨ 18 ᠲᠥᠯᠥᠭᠡᠯᠡᠭᠴᠢ ᠯᠦᠭᠡ ᠲᠤᠰᠬᠠᠶᠢᠯᠠᠨ ᠠᠭᠤᠯᠵᠠᠯᠲᠠ ᠬᠢᠭᠰᠡᠨ ᠪᠢᠯᠡ ᠃ ᠲᠤᠰ ᠵᠢᠯ ᠤᠨ | ᠬᠢᠨᠢ 9 ᠳ᠋ᠦ᠋ᠭᠡᠷ ᠰᠠᠷ᠎ᠠ ᠳᠤ ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠣᠯᠭᠤᠬᠤ | ᠶᠣᠰᠣᠯᠠᠯ ᠳᠡᠭᠡᠷ᠎ᠡ ᠂ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠠᠬᠠᠮᠠᠳ | ᠨᠥᠬᠦᠳ ᠂ ᠶᠠᠫᠤᠨ ᠢ ᠡᠰᠡᠷᠭᠦᠴᠡᠭᠰᠡᠨ ᠳᠠᠶᠢᠨ ᠤ ᠵᠠᠩᠵᠤᠨ ᠺᠣᠮᠠᠨᠳ᠋ᠯᠠᠭᠴᠢ ᠨᠠᠷ᠂ ᠳᠤᠮᠳᠠᠳᠤ ᠤᠯᠤᠰ ᠤᠨ ᠶᠠᠫᠤᠨ ᠢ | ᠡᠰᠡᠷᠭᠦᠴᠡᠭᠰᠡᠨ ᠳᠠᠶᠢᠨ ᠢ ᠬᠠᠪᠰᠤᠷᠤᠨ ᠳᠡᠮᠵᠢᠭᠰᠡᠨ ᠤᠯᠠᠨ ᠤᠯᠤᠰ ᠤᠨ ᠨᠥᠬᠦᠷᠰᠡᠭ ᠬᠥᠮᠥᠰ ᠪᠤᠶᠤ | ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢᠳ ᠲᠤ ᠳᠤᠷᠠᠰᠬᠠᠯ ᠤᠨ ᠲᠡᠮᠳᠡᠭ ᠭᠠᠷᠳᠠᠭᠤᠯᠪᠠ ᠃ | ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠨᠢ ᠴᠢᠩ ᠦᠨᠡᠨᠴᠢ ᠰᠡᠳᠬᠢᠯ ᠪᠢᠯᠬᠠᠷᠠᠨᠠᠮ ᠂ ᠰᠡᠳᠬᠢᠯ ᠢ | ᠬᠥᠳᠡᠯᠭᠡᠮ᠎ᠡ ᠬᠤᠷᠣᠮ ᠮᠦᠴᠡ ᠶᠢ ᠬᠠᠮᠲᠤ ᠪᠠᠷ ᠡᠷᠭᠢᠴᠡᠭᠦᠯᠵᠡᠭᠡᠶᠡ᠃ | |