︽ᠢᠯᠡ ᠂ ᠡᠷᠬᠡ ᠲᠡᠭᠰᠢ ᠂ ᠲᠥᠪ ᠭᠤᠣᠯᠴᠢ︾ ᠶᠢᠨ ᠵᠠᠷᠴᠢᠮ ᠶᠣᠰᠣᠭᠠᠷ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠠᠴᠠ 2025 ᠣᠨ ᠤ | ᠳᠠᠭᠠᠭᠠᠴᠢᠯᠠᠯᠲᠠ ᠵᠠᠷᠯᠠᠬᠤ ᠶᠢ ᠤᠷᠤᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ ᠂ ᠨᠥᠬᠦᠴᠡᠯ ᠳᠤ | ᠨᠡᠶᠢᠴᠡᠭᠰᠡᠨ ᠨᠡᠶᠢᠭᠡᠮ ᠤᠨ ᠤᠷᠤᠯᠠᠬᠤ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ ᠃ | | ᠨᠢᠭᠡ ᠂ ᠲᠥᠷᠥᠯ ᠵᠦᠢᠯ ᠤᠨ ᠲᠦᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠦᠪ ᠤᠨ ᠲᠣᠭᠲᠠᠭᠰᠠᠨ | ᠨᠣᠷᠮ᠎ᠠ | 2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠪᠥᠬᠦ ᠣᠷᠣᠨ ᠤ ᠡᠯ᠎ᠡ ᠠᠶᠢᠮᠠᠭ ᠬᠤᠲᠠ ᠃ | 3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ | ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ | ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ ᠮᠡᠳᠡᠭᠳᠡᠯ ᠤᠨ | ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ | ᠦᠯᠦ ᠬᠢᠵᠠᠭᠠᠷᠯᠠᠨ᠎ᠠ ᠃ | ᠬᠤᠶᠠᠷ ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠳᠠᠩᠰᠠᠯᠠᠭᠤᠯᠤᠨ᠎ᠠ ᠃ | 2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠂ ᠡᠳ᠋ ᠤᠨ | ᠶᠠᠪᠤᠳᠠᠯ ᠤᠨ ᠰᠠᠶᠢᠨ ᠰᠠᠶᠢᠬᠠᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠡᠷ᠎ᠡ ᠪᠠᠨ | ᠭᠦᠢᠴᠡᠳᠬᠡᠬᠦ ᠭᠦᠢᠴᠡᠳ ᠬᠥᠷᠥᠩᠭᠡ ᠪᠠ ᠴᠢᠳᠠᠪᠤᠷᠢ ᠲᠠᠢ ᠪᠠᠶᠢᠬᠤ ᠬᠡᠷᠡᠭᠲᠡᠶ ᠃ | ᠭᠤᠷᠪᠠ ᠂ ᠨᠡᠷ᠎ᠡ ᠮᠡᠳᠡᠭᠦᠯᠬᠦ ᠳᠤ ᠲᠤᠰᠢᠶᠠᠬᠤ ᠴᠢᠬᠤᠯᠠᠲᠠᠢ ᠮᠠᠲ᠋ᠧᠷᠢᠶᠠᠯ | 1. ᠨᠡᠷ᠎ᠡ ᠮᠡᠳᠡᠭᠦᠯᠦᠭᠴᠢ ᠨᠢ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠭᠠᠷᠭᠠᠨ | ᠦᠵᠡᠭᠦᠯᠵᠦ ᠂ ᠪᠠᠭᠤᠯᠭᠠᠪᠤᠷᠢ ᠶᠢ ᠬᠠᠩᠭᠠᠨ᠎ᠠ︔ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠᠷ ᠭᠠᠷ ᠤᠨ | ᠦᠰᠦᠭ ᠵᠢᠷᠤᠭᠤᠯᠬᠤ ᠂ ᠺᠣᠮᠫᠠᠨᠢ ᠶᠢᠨ ᠲᠠᠮᠠᠭ᠎ᠠ ᠳᠠᠷᠤᠭᠤᠯᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ | ᠢ ᠭᠠᠷᠭᠠᠵᠤ ᠥᠭᠭᠦᠨ᠎ᠡ ᠃ | 2. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ | ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃ | 3. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ | ᠬᠠᠩᠭᠠᠨ᠎ᠠ ᠃ | 4. ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn︶ | ᠢᠲᠡᠭᠡᠯ ᠢᠶᠠᠨ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠣᠭᠲᠣᠯᠣᠭᠰᠠᠨ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. | gov.cn︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ | ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠤᠭᠲᠤᠯᠤᠭᠰᠠᠨ ᠵᠢᠷᠤᠭ ᠢ ᠬᠠᠩᠭᠠᠨ᠎ᠠ ᠃ | ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ | ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠪᠠ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ | ᠴᠢᠬᠤᠯᠠᠲᠠᠢ ᠂ ᠡᠰᠡ ᠲᠡᠶᠢᠮᠦ ᠪᠣᠯ ᠬᠦᠴᠦᠨ ᠦᠭᠡᠢ ᠃ | ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ | 05 ᠳ᠋ᠤᠭᠠᠷ ᠰᠠᠷ᠎ᠠ ᠶᠢᠨ 22 ᠤᠨ ᠡᠳᠦᠷ ᠠᠴᠠ 2025 ᠣᠨ ᠤ 05 ᠳ᠋ᠤᠭᠠᠷ ᠰᠠᠷ᠎ᠠ ᠶᠢᠨ 23 ᠤ ᠡᠳᠦᠷ | ᠪᠣᠯᠲᠠᠯ᠎ᠠ ᠂ ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ | ᠬᠤᠶᠢᠨ᠎ᠠ 14᠄ 30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃ | ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠪᠤᠶᠢᠷ ᠡᠮᠦᠨ᠎ᠡ ᠵᠠᠮ ᠤᠨ | 119 ᠳ᠋ᠦ᠋ᠭᠡᠷ ᠲᠣᠭᠠᠲᠤ 2219 ᠳ᠋ᠦ᠋ᠭᠡᠷ ᠠᠯᠪᠠᠨ ᠬᠡᠷ | ᠰᠢᠦᠳᠠᠨ ᠨᠣᠮᠧᠷ᠄ 010010 | ᠬᠠᠷᠢᠯᠴᠠᠬᠤ ᠬᠥᠮᠦᠨ᠄ ᠶᠠᠩ ᠮᠢᠩ ᠵᠢᠤᠢ | ᠬᠠᠷᠢᠯᠴᠠᠬᠤ ᠤᠲᠠᠰᠤ᠄ 0471 — 5259411 18504755469 | |