ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ | ︵ 2025 ᠣᠨ ᠤ 5 ᠰᠠᠷ᠎ᠠ ᠶᠢᠨ 13 ᠤ ᠡᠳᠦᠷ ᠂ ᠪᠡᠭᠡᠵᠢᠩ ᠳᠤ ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶᠢᠯᠡᠭᠴᠢ ᠫᠸᠲᠷᠤ᠋ ᠂ | ᠬᠦᠨᠳᠦᠲᠦ ᠶᠡᠷᠦᠩᠬᠡᠶᠢᠯᠡᠭᠴᠢ ᠯᠦᠯᠠ ᠂ | ᠬᠦᠨᠳᠦᠲᠦ ᠶᠡᠷᠦᠩᠬᠡᠶᠢᠯᠡᠭᠴᠢ ᠪᠦᠧᠧᠯᠢᠴᠢ ᠂ | ᠬᠦᠨᠳᠦᠲᠦ ᠪᠠᠩᠬᠢ ᠶᠢᠨ ᠳᠠᠷᠤᠭ᠎ᠠ ᠷᠤᠰᠤᠹ ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ | ᠲᠥᠯᠥᠭᠡᠯᠡᠭᠴᠢᠳ ᠂ | ᠠᠪᠠᠭ᠋ᠠᠢ ᠨᠠᠷ ᠂ ᠠᠪᠤᠭᠠᠢ ᠨᠠᠷ ᠂ ᠨᠠᠶᠢᠵᠠ ᠨᠠᠷ ᠠ᠋᠄ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨ᠎ᠡ ᠬᠠᠭᠤᠴᠢᠨ ᠨᠠᠶᠢᠵᠠ ᠨᠠᠷ ᠲᠠᠢ | ᠪᠡᠭᠡᠵᠢᠩ ᠳᠤ ᠴᠤᠭᠯᠠᠷᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠪᠢ ᠳᠤᠮᠳᠠᠳᠤ ᠤᠯᠤᠰ ᠤᠨ ᠵᠠᠰᠠᠭ ᠤᠨ | ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠯᠠᠨ ᠤ ᠬᠦᠷᠴᠦ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠶ᠎ᠡ ︕ | 2015 ᠣᠨ ᠳᠤ ᠂ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠥᠯᠥᠭᠡᠯᠡᠭᠴᠢᠳ ᠲᠠᠢ | ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ | ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ | ᠲᠤᠩᠬᠠᠭᠯᠠᠪᠠ ᠃ 10 ᠵᠢᠯ ᠤᠨ ᠲᠤᠷᠰᠢ ᠂ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ ᠂ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ | ᠲᠠᠪᠴᠠᠩ ᠨᠢ ᠨᠢᠭᠡᠨ ᠨᠢᠯᠬ᠎ᠠ ᠴᠢᠬᠢ ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠳᠤ ᠪᠢ ᠮᠠᠰᠢ | ᠪᠠᠶᠠᠷᠯᠠᠵᠤ ᠪᠠᠶᠢᠨ᠎ᠠ ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠯᠤᠭ᠎ᠠ ᠠᠯᠤᠰ ᠬᠤᠯᠠ ᠵᠠᠶᠢᠲᠠᠢ | ᠪᠤᠯᠪᠠᠴᠤ ᠬᠤᠶᠠᠷ ᠲᠠᠯ᠎ᠠ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ ᠃ ᠠᠯᠢ ᠡᠷᠲᠡ 16 | ᠳ᠋ᠤᠭᠠᠷ ᠵᠠᠭᠤᠨ ᠳᠤ ᠂ ᠨᠥᠬᠦᠷᠯᠡᠯ ᠢ ᠳᠦᠭᠦᠷᠡᠩ ᠠᠴᠢᠶᠠᠯᠠᠭᠰᠠᠨ ᠠᠯᠢ ᠤᠯᠠᠨ ︽ ᠳᠤᠮᠳᠠᠳᠤ ᠤᠯᠤᠰ ᠤᠨ ᠬᠥᠯᠭᠡ | ᠣᠩᠭᠤᠴᠠ ︾ ᠨᠣᠮᠣᠬᠠᠨ ᠳᠠᠯᠠᠢ ᠶᠢᠨ ᠬᠤᠶᠠᠷ ᠭᠦᠪᠡᠭᠡ ᠪᠠᠷ ᠰᠦᠯᠵᠢᠯᠳᠦᠵᠦ ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠶᠠᠪᠤᠯᠴᠠᠭ᠎ᠠ ᠰᠣᠯᠢᠯᠴᠠᠭᠠᠨ ᠤ ᠬᠥᠰᠢᠭᠡ ᠶᠢ ᠰᠡᠬᠦᠭᠰᠡᠨ ᠶᠤᠮ ᠃ | ᠳᠡᠭᠡᠷ᠎ᠡ ᠵᠠᠭᠤᠨ ᠤ ᠵᠢᠷᠠᠭᠠᠳ ᠣᠨ ᠠᠴᠠ ᠰᠡᠭᠦᠯᠡᠷ ᠂ ᠰᠢᠨ᠎ᠡ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠵᠠᠷᠢᠮ ᠤᠯᠤᠰ ᠤᠳ ᠲᠠᠢ ᠬᠠᠷᠢᠯᠴᠠᠭ᠎ᠠ ᠪᠠᠶᠢᠭᠤᠯᠬᠤ ᠶᠢ ᠳᠠᠭᠠᠯᠳᠤᠨ ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠣᠯᠢᠯᠴᠠᠭ᠎ᠠ ᠬᠠᠮᠲᠤᠷᠠᠯᠴᠠᠭ᠎ᠠ ᠤᠯᠠᠮ ᠢᠶᠠᠷ ᠨᠢᠭᠲᠠᠷᠠᠵᠤ | ᠢᠷᠡᠪᠡ ᠃ ᠰᠢᠨ᠎ᠡ ᠵᠠᠭᠤᠨ ᠠᠴᠠ ᠨᠠᠭᠠᠰᠢ ᠢᠯᠠᠩᠭᠤᠶ᠎ᠠ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠪᠢ ᠵᠠᠶᠠᠭ᠎ᠠ ᠪᠠᠨ ᠬᠠᠮᠲᠤᠳᠬᠠᠭᠰᠠᠨ ᠳᠠᠭᠤᠷᠢᠰᠬᠠᠯ ᠢ | ᠲᠠᠰᠤᠷᠠᠯᠳᠠ ᠦᠭᠡᠢ ᠪᠢᠴᠢᠭᠯᠡᠪᠡ ᠃ | — ᠪᠢᠳᠡ ᠭᠠᠷ ᠬᠤᠯᠪᠣᠨ ᠮᠥᠷᠥ ᠵᠡᠷᠭᠡᠴᠡᠵᠦ ᠂ ᠬᠠᠷᠢᠯᠴᠠᠨ ᠳᠡᠮᠵᠢᠯᠴᠡᠪᠡ ᠃ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢᠮᠠᠭᠲᠠ ᠨᠢᠭᠡ ᠳᠤᠮᠳᠠᠳᠤ ᠤᠯᠤᠰ | ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠂ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠡᠷᠡᠰ ᠲᠡᠮᠵᠢᠵᠥ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠡᠷᠬᠡ | ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ ᠭᠠᠳᠠᠭᠠᠳᠤ ᠶᠢᠨ ᠬᠢᠨ ᠤ ᠭᠠᠷ ᠲᠦᠷᠦᠭᠦ ᠶᠢ | ᠡᠰᠡᠷᠭᠦᠴᠡᠨ᠎ᠡ ᠃ ᠳᠡᠭᠡᠷ᠎ᠡ ᠵᠠᠭᠤᠨ ᠤ ᠵᠢᠷᠠᠭᠠᠳ ᠣᠨ ᠳᠤ ᠂ ᠳᠤᠮᠳᠠᠳᠤ ᠤᠯᠤᠰ ᠤᠨ ᠡᠯ᠎ᠡ ᠭᠠᠵᠠᠷ ᠲᠤ ᠶᠡᠭᠡ | ᠬᠡᠪᠴᠢᠶᠡᠨ ᠤ ᠤᠯᠠᠨ ᠲᠦᠮᠡᠨ ᠤ ᠵᠢᠭᠰᠠᠭᠠᠯ ᠶᠠᠪᠤᠭᠤᠯᠵᠤ ᠂ ᠫᠠᠨᠠᠮᠠ ᠶᠢᠨ ᠠᠷᠠᠳ ᠲᠦᠮᠡᠨ ᠤ ᠲᠠᠲᠠᠮᠠᠯ ᠭᠤᠣᠯ ᠤᠨ | ᠡᠷᠬᠡ ᠮᠡᠳᠡᠯ ᠢᠶᠠᠨ ᠪᠤᠴᠠᠭᠠᠨ ᠠᠪᠬᠤ ᠶᠢ ᠳᠡᠮᠵᠢᠪᠡ ︔ ᠳᠠᠯᠠᠭᠠᠳ ᠣᠨ ᠳᠤ ᠂ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ 200 ᠮᠢᠯ ᠳᠠᠯᠠᠢ ᠲᠠᠩᠭᠢᠰ ᠤᠨ ᠡᠷᠬᠡ ᠶᠢ ᠬᠠᠮᠠᠭᠠᠯᠠᠬᠤ ᠲᠡᠮᠡᠴᠡᠯ ᠥᠷᠨᠢᠭᠦᠯᠵᠦ ᠂ | ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠵᠦᠢ | ᠶᠣᠰᠣᠨ ᠤ ᠱᠠᠭᠠᠷᠳᠠᠯᠭ᠎ᠠ ᠶᠢ ᠳᠡᠮᠵᠢᠪᠡ ᠃ 1992 ᠣᠨ ᠠᠴᠠ ᠨᠠᠭᠠᠰᠢ ᠂ ᠳᠤᠮᠳᠠᠳᠤ ᠤᠯᠤᠰ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠤ ᠵᠠᠯᠭᠠᠭ᠎ᠠ ᠪᠠᠷ 32 ᠤᠳᠠᠭ᠎ᠠ ᠪᠢᠯᠧᠲ ᠥᠭᠴᠦ ᠂ ᠠᠮᠧᠷᠢᠺᠠ ᠶᠢᠨ | ᠺᠦᠪᠡ ᠶᠢ ᠪᠢᠲᠡᠭᠦᠮᠵᠢᠯᠡᠬᠦ ᠶᠢ ᠵᠣᠭᠰᠤᠭᠠᠬᠤ ᠰᠢᠢᠳᠪᠦᠷᠢ ᠶᠢ ᠳᠡᠮᠵᠢᠪᠡ ᠃ | — ᠪᠢᠳᠡ ᠤᠷᠤᠰᠬᠠᠯ ᠤᠨ ᠡᠮᠦᠨ᠎ᠡ ᠬᠤᠰᠢᠭᠤᠷᠠᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠲᠡᠪᠠ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠠᠵᠤ | ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ | ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ | ᠭᠦᠨᠵᠡᠭᠡᠶᠢᠷᠡᠬᠦ ᠶᠢ ᠠᠬᠢᠭᠤᠯᠪᠠ ᠃ ᠬᠤᠶᠠᠷ ᠲᠠᠯ᠎ᠠ ᠪᠠᠷ ᠢᠶᠠᠨ ︽ ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷ᠎ᠠ 200 ᠭᠠᠷᠤᠢ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠂ ᠵᠠᠭᠤᠨ ᠲᠦᠮᠡ ᠭᠠᠷᠤᠢ ᠠᠵᠢᠯ ᠤᠨ ᠪᠠᠶᠢᠷᠢ ᠶᠢ | ᠡᠭᠦᠳᠪᠡ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠳᠠᠭᠠᠭᠤᠯᠢ | ᠤᠳᠤᠨ ᠤ ᠬᠠᠮᠲᠤᠷᠠᠯᠴᠠᠭ᠎ᠠ ᠨᠢ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠤ ᠂ ᠫᠧᠷᠦ᠋ ᠶᠢᠨ ᠴᠢᠶᠠᠨᠺᠠᠢ ᠭᠠᠷᠠᠮ ᠢ ᠤᠷᠤᠭᠰᠢᠲᠠᠢ ᠪᠠᠷ | ᠠᠰᠢᠭᠯᠠᠯᠲᠠ ᠳᠤ ᠣᠷᠣᠭᠤᠯᠵᠤ ᠠᠽᠢᠶ᠎ᠠ ᠯᠠᠲ᠋ᠢᠨ ᠠᠮᠧᠷᠢᠺᠠ ᠶᠢᠨ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ | ᠨᠡᠪᠲᠡᠷᠡᠬᠦ ᠵᠠᠮ ᠢ ᠨᠡᠭᠡᠭᠡᠪᠡ ᠃ ᠳᠤᠮᠳᠠᠳᠤ ᠤᠯᠤᠰ ᠴᠢᠯᠢ ᠂ ᠫᠧᠷᠦ᠋ ᠂ ᠺᠤᠰᠲ᠋ᠠ ᠷᠢᠺᠠ ᠂ ᠡᠺᠦ᠋ᠸᠠᠳᠣᠷ ᠂ ᠨᠢᠺᠠᠷᠠᠭᠤᠸᠠ | ᠵᠡᠷᠭᠡ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ ᠃ ᠨᠢᠳᠤᠨᠤᠨ ᠂ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠯᠵᠢᠶᠠᠨ ᠤ ᠬᠡᠮᠵᠢᠶ᠎ᠡ | ᠠᠩᠬ᠎ᠠ ᠤᠳᠠᠭ᠎ᠠ 5000 ᠳ᠋ᠦᠩᠰᠢᠭᠤᠷ ᠳ᠋ᠣᠯᠯᠠᠷ ᠢ ᠳᠠᠪᠠᠵᠤ ᠂ ᠲᠤᠰ ᠵᠠᠭᠤᠨ ᠤ ᠡᠬᠢᠨ ᠤ ᠦᠶ᠎ᠡ ᠶᠢᠨ 40 ᠭᠠᠷᠤᠢ | ᠳᠠᠭᠢᠨ ᠲᠠᠢ ᠲᠡᠩᠴᠡᠪᠡ ᠃ | — ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ ᠂ ᠳᠠᠯᠠᠢ ᠶᠢᠨ ᠰᠢᠭᠤᠷᠭ᠎ᠠ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠭᠠᠷ ᠬᠤᠯᠪᠣᠨ | ᠠᠷᠭᠠᠴᠠᠭᠠᠪᠠ ᠃ ᠳᠤᠮᠳᠠᠳᠤ ᠤᠯᠤᠰ 1993 ᠣᠨ ᠠᠴᠠ ᠡᠬᠢᠯᠡᠨ ᠤᠷᠢᠳ ᠬᠤᠵᠢᠳ ᠺᠠᠷᠢᠪᠧ ᠶᠢᠨ | ᠤᠯᠤᠰ ᠤᠳ ᠲᠤ 38 ᠪᠦᠯᠦᠭ ᠤᠳᠠᠭ᠎ᠠ ᠶᠢᠨ ᠡᠮᠴᠢᠯᠡᠭᠡᠨ ᠤ ᠠᠩᠭᠢ ᠲᠣᠮᠢᠯᠠᠪᠠ ᠃ ᠡᠷᠢᠨ ᠵᠠᠭᠤᠨ ᠤ ᠬᠢᠵᠢᠭ ᠤᠨ | ᠪᠠᠶᠢᠳᠠᠯ ᠤᠨ ᠡᠮᠦᠨ᠎ᠡ ᠂ ᠳᠤᠮᠳᠠᠳᠤ ᠤᠯᠤᠰ ᠡᠩ ᠲᠡᠷᠢᠭᠦᠨ ᠳᠤ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠲᠤ 3 ᠳ᠋ᠦᠩᠰᠢᠭᠤᠷ ᠭᠠᠷᠤᠢ ᠰᠢᠷᠬᠡᠭ ᠸᠠᠺᠼᠢᠨ ᠪᠠ 4000 ᠲᠦᠮᠡ ᠰᠢᠬᠠᠮ ᠬᠤᠪᠢ ᠡᠮᠴᠢᠯᠡᠭᠡᠨ ᠤ | ᠡᠳ᠋ ᠪᠣᠳᠠᠰ ᠲᠥᠬᠦᠭᠡᠷᠦᠮᠵᠢ ᠬᠠᠩᠭᠠᠵᠤ ᠂ ᠤᠯᠠᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ | ᠲᠤᠰᠠᠯᠠᠵᠤ ᠂ ᠭᠠᠵᠠᠷ ᠣᠷᠣᠨ ᠤ ᠤᠯᠤᠰ ᠤᠳ ᠤᠨ ᠲᠦᠭ ᠲᠦᠮᠡᠨ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ ᠃ | — ᠪᠢᠳᠡ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠪᠡ ᠃ ᠳᠤᠮᠳᠠᠳᠤ | ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠬᠤᠶᠠᠷ ᠲᠠᠯ᠎ᠠ ᠪᠠᠷ ᠢᠶᠠᠨ ᠵᠢᠩᠬᠢᠨᠢ ᠤᠯᠠᠨ | ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ | ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ ᠂ | ᠳᠡᠯᠡᠬᠡᠢ ᠶᠢᠨ ᠤᠯᠠᠨ ᠲᠦᠢᠯᠵᠢᠯᠳᠠ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯ ᠢ ᠠᠬᠢᠭᠤᠯᠪᠠ ᠃ | ᠪᠢᠳᠡ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠢᠳᠡᠪᠬᠢᠲᠡᠢ ᠠᠷᠭᠠᠴᠠᠭᠠᠵᠤ ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠵᠠᠰᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠪᠠ ᠃ ᠳᠤᠮᠳᠠᠳᠤ ᠤᠯᠤᠰ ᠪᠷᠠᠽᠢᠯ ᠲᠠᠢ ᠬᠠᠮᠲᠤᠷᠠᠨ ᠦᠺᠷᠠᠶᠢᠨ ᠤ | ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ︽ ᠵᠢᠷᠭᠤᠭᠠᠨ ᠲᠠᠯ᠎ᠠ ᠶᠢᠨ ᠬᠠᠮᠲᠤ ᠶᠢᠨ ᠲᠠᠨᠢᠯᠲᠠ ︾ | ᠶᠢ ᠨᠡᠶᠢᠲᠡᠯᠡᠵᠦ ᠂ 110 ᠭᠠᠷᠤᠢ ᠤᠯᠤᠰ ᠤᠨ ᠢᠳᠡᠪᠬᠢᠲᠡᠢ ᠬᠦᠷᠢᠶᠡᠯᠡᠯ ᠢ ᠣᠯᠵᠤ ᠂ ᠣᠯᠠᠨ ᠤᠯᠤᠰ ᠤᠨ ᠬᠠᠯᠠᠮᠰᠢᠯ | ᠠᠰᠠᠭᠤᠳᠠᠯ ᠢ ᠰᠢᠢᠳᠪᠦᠷᠢᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ ᠭᠠᠷ ᠬᠤᠯᠪᠣᠨ | ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ | ᠭᠡᠷᠡᠴᠢᠯᠡᠪᠡ ᠂ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ ᠂ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ ᠂ | ᠬᠡᠬᠦᠳᠡᠭ ᠴᠡᠭᠡᠵᠢ ᠳᠡᠭᠡᠨ ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ ᠂ ᠦᠨᠳᠦᠰᠦᠨ | ᠬᠥᠭᠡᠭᠡᠴᠡᠯᠳᠦᠯ ᠪᠣᠯ ᠠᠷᠠᠳ ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ ᠪᠠᠳᠠᠷᠠᠩᠭᠤᠢ ᠠᠮᠢᠵᠢᠷᠠᠯ ᠤᠨ | ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠃ | ᠡᠷᠬᠢᠮ ᠵᠣᠴᠢᠳ ᠠ᠋ ᠂ ᠨᠠᠶᠢᠵᠠ ᠨᠠᠷ ᠠ᠋ ︕ | ᠣᠳᠣᠬᠠᠨ ᠳᠤ ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠂ ᠡᠯ᠎ᠡ ᠤᠯᠤᠰ | ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ ᠂ ᠪᠦᠭᠦ | ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ ᠳᠠᠶᠢᠯᠠᠯᠳᠤᠭᠠᠨ ᠂ | ᠠᠷᠠᠯᠵᠢᠶᠠᠨ ᠤ ᠳᠠᠶᠢᠯᠠᠯᠳᠤᠭᠠᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ | ᠭᠠᠭᠴᠠᠭᠠᠷᠳᠠᠭᠤᠯᠤᠨ᠎ᠠ ᠃ ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠪᠣᠯ ᠮᠠᠨ ᠤ ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ | ᠲᠥᠷᠥᠯᠬᠢ ᠡᠷᠬᠡ ᠮᠥᠨ ᠂ ᠲᠥᠪ ᠭᠤᠣᠯᠴᠢ ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ | ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠲᠠᠯᠲᠠ | ᠤᠷᠤᠰᠬᠠᠯ ᠭᠦᠪᠦᠯᠵᠡᠵᠦ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠡᠭᠦᠰᠴᠦ | ᠪᠠᠶᠢᠭ᠎ᠠ ᠪᠠᠶᠢᠳᠠᠯ ᠳᠤ ᠴᠢᠭᠯᠡᠭᠦᠯᠦᠨ ᠂ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ ᠮᠠᠨᠳᠤᠯ ᠢ | ᠬᠠᠮᠲᠤ ᠪᠠᠷ ᠡᠷᠢᠯᠬᠢᠯᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠯᠴᠡᠨ᠎ᠡ ᠃ ᠬᠤᠶᠠᠷ | ᠲᠠᠯ᠎ᠠ ᠪᠠᠷ ᠢᠶᠠᠨ ᠡᠯ᠎ᠡ ᠬᠦᠷᠢᠶᠡᠨ ᠤ ᠶᠠᠪᠤᠯᠴᠠᠭ᠎ᠠ ᠪᠠᠨ ᠨᠢᠭᠲᠠᠷᠠᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ | ᠴᠢᠬᠤᠯᠠ ᠶᠡᠭᠡ ᠠᠰᠠᠭᠤᠳᠠᠯ ᠤᠨ ᠲᠤᠬᠠᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠶ᠎ᠠ ᠃ ᠢᠷᠡᠭᠡᠳᠦᠢ ᠶᠢᠨ 3 | ᠵᠢᠯ ᠳᠤ ᠂ ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ | ᠰᠢᠨᠵᠢᠯᠡᠨ ᠪᠠᠶᠢᠴᠠᠭᠠᠯᠭᠠᠵᠤ ᠠᠶᠢᠯᠴᠢᠯᠠᠯᠲᠠ ᠭᠢᠯᠭᠡᠵᠦ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ | ᠰᠣᠯᠢᠯᠴᠠᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠠᠨ ᠲᠠᠯ᠎ᠠ ᠶᠢᠨ ᠲᠠᠪᠴᠠᠩ ᠳᠠᠬᠢ | ᠨᠥᠯᠥᠭᠡ ᠪᠠᠨ ᠥᠷᠭᠡᠳᠬᠡᠬᠦ ᠶᠢ ᠳᠤᠮᠳᠠᠳᠤ ᠤᠯᠤᠰ ᠳᠡᠮᠵᠢᠵᠦ ᠂ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ | ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ | ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ | ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ | ᠨᠡᠪᠲᠡᠷᠡᠬᠦ ᠶᠢ ᠬᠠᠮᠠᠭᠠᠯᠠᠵᠤ ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ | ᠬᠠᠮᠠᠭᠠᠯᠠᠨ᠎ᠠ ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠭᠦᠨᠵᠡᠭᠡᠢ ᠠᠬᠢᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠠᠮᠤ ᠪᠤᠳᠠᠭ᠎ᠠ ᠂ ᠡᠨᠧᠷᠭᠢ | ᠠᠭᠤᠷᠬᠠᠢ ᠶᠢᠨ ᠭᠠᠷᠤᠯᠲᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠴᠡᠪᠡᠷ | ᠡᠨᠧᠷᠭᠢ ᠂ 5G ᠴᠢᠮᠡᠭᠡ ᠬᠤᠯᠪᠤᠭ᠎ᠠ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠨᠢᠲᠠᠨ ᠤ | ᠲᠥᠯᠥᠪᠯᠡᠭᠡ ᠶᠢ ᠬᠡᠷᠡᠭᠵᠢᠭᠦᠯᠦᠶ᠎ᠡ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ ᠥᠷᠭᠡᠳᠬᠡᠬᠦ ᠶᠢ | ᠵᠣᠷᠢᠭᠵᠢᠭᠤᠯᠤᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠥᠭᠵᠢᠯᠲᠡ ᠶᠢ ᠳᠡᠮᠵᠢᠬᠦ ᠶᠢᠨ | ᠲᠥᠯᠥᠭᠡ ᠂ ᠳᠤᠮᠳᠠᠳᠤ ᠤᠯᠤᠰ ᠠᠴᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠤ 660 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠬᠠᠩᠭᠠᠨ᠎ᠠ ᠃ | ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ ᠂ ᠡᠷᠬᠡ ᠲᠡᠭᠰᠢ ᠂ ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ ᠰᠢᠳᠤᠷᠭᠤ ᠶᠣᠰᠣ ᠂ | ᠠᠷᠠᠳᠴᠢᠯᠠᠯ ᠂ ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ | ᠭᠦᠨᠵᠡᠭᠡᠶᠢᠷᠡᠭᠦᠯᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ ᠡᠷᠭᠢᠯᠡᠨ᠎ᠡ ᠃ ᠰᠣᠶᠣᠯ ᠤᠷᠠᠯᠢᠭ ᠤᠨ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ︽ ᠯᠠᠲ᠋ᠢᠨ ᠠᠮᠧᠷᠢᠺᠠ ᠶᠢᠨ ᠤᠷᠠᠯᠢᠭ ᠤᠨ ᠤᠯᠠᠷᠢᠯ ︾ ᠢ ᠡᠷᠭᠢᠯᠡᠨ᠎ᠡ ᠃ | ᠬᠠᠭᠤᠴᠢ ᠰᠤᠳᠤᠯᠤᠯ ᠂ ᠡᠷᠲᠡᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠂ ᠮᠦᠽᠧᠢ ᠶᠢᠨ | ᠦᠵᠡᠭᠦᠯᠭᠡ ᠵᠡᠷᠭᠡ ᠰᠣᠶᠣᠯ ᠤᠨ ᠥᠪ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ | ᠡᠷᠲᠡᠨ ᠤ ᠪᠣᠯᠪᠠᠰᠤᠨ ᠤ ᠰᠤᠳᠤᠯᠭᠠᠨ ᠥᠷᠨᠢᠭᠦᠯᠵᠦ ᠂ ᠰᠣᠶᠣᠯ ᠤᠨ ᠡᠳ᠋ ᠬᠥᠷᠥᠩᠭᠡ ᠶᠢ ᠬᠠᠤᠯᠢ ᠪᠤᠰᠤ ᠪᠠᠷ | ᠰᠠᠷᠢᠭᠠᠯᠠᠨ ᠵᠥᠭᠡᠭᠡᠪᠦᠷᠢᠯᠡᠬᠦ ᠳᠤ ᠬᠠᠮᠲᠤᠷᠠᠨ ᠴᠣᠬᠢᠯᠲᠠ ᠥᠭᠭᠦᠶ᠎ᠡ ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ︽ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠢ ᠡᠩᠬᠡ | ᠲᠠᠶᠢᠪᠤᠩ ᠣᠷᠣᠨ ᠪᠤᠯᠭᠠᠬᠤ ᠪᠠᠷ ᠨᠡᠶᠢᠲᠡᠯᠡᠭᠰᠡᠨ ᠠᠯᠪᠠᠨ ᠵᠠᠷᠯᠠᠯ ︾ ᠪᠣᠯᠣᠨ ︽ᠴᠥᠮ᠎ᠡ ᠶᠢᠨ ᠵᠡᠪᠰᠡᠭ ᠦᠭᠡᠢ | ᠣᠷᠣᠨ ᠢ ᠪᠠᠶᠢᠭᠤᠯᠬᠤ ᠲᠤᠬᠠᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ 33 ᠤᠯᠤᠰ ᠤᠨ ᠢᠯᠡᠷᠬᠡᠶᠢᠯᠡᠯᠲᠡ ︾ ᠶᠢ | ᠳᠡᠮᠵᠢᠵᠦ ᠂ ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ ᠰᠦᠷᠳᠡᠭᠦᠯᠦᠯ ᠢ | ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ ᠤᠯᠤᠰ ᠠᠯᠤᠰᠯᠠᠭᠰᠠᠨ ᠵᠣᠬᠢᠶᠠᠨ | ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ | ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠡᠷᠡᠭᠴᠡᠭᠡ ᠶᠢ | ᠦᠨᠳᠦᠰᠦᠯᠡᠨ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠴᠢᠳᠠᠯ ᠤᠨ ᠢᠶᠠᠨ | ᠬᠢᠷᠢ ᠪᠠᠷ ᠲᠣᠨᠣᠭᠯᠠᠯ ᠤᠨ ᠲᠤᠰᠠᠯᠠᠮᠵᠢ ᠬᠠᠩᠭᠠᠨ᠎ᠠ ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠂ ᠳᠤᠮᠳᠠᠳᠤ ᠤᠯᠤᠰ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 | ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ ᠤᠯᠤᠰ ᠲᠤ ᠢᠷᠡᠵᠦ | ᠪᠣᠯᠪᠠᠰᠤᠷᠠᠯ ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ | ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠣᠷᠣᠨ ᠲᠤᠭ᠎ᠠ ᠂ 1000 ︽ ᠬᠢᠲᠠᠳ ᠬᠡᠯᠡᠨ ᠤ ᠬᠥᠭᠦᠷᠭᠡ ︾ | ᠶᠢᠨ ᠲᠦᠷᠦᠯ ᠵᠦᠢᠯ ᠤᠨ ᠳᠤᠮᠳᠠᠳᠤ ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ | 300 ︽ ᠪᠠᠭ᠎ᠠ ᠮᠥᠷᠲᠡᠭᠡᠨ ᠭᠤᠶᠢᠳᠠ ︾ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠦ | ᠪᠠᠨ ᠦᠢᠯᠡᠳᠬᠡᠯ ᠤᠨ ᠭᠠᠵᠠᠷ ᠵᠡᠷᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠦᠷᠦᠯ | ᠵᠦᠢᠯ ᠢ ᠢᠳᠡᠪᠬᠢᠲᠡᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ | ᠳᠤᠮᠳᠠᠳᠤ ᠤᠯᠤᠰ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠶᠢᠷ᠎ᠠ | ᠰᠡᠳᠬᠢᠯᠭᠡ ︾ ᠭᠡᠬᠦ ᠳᠤᠮᠳᠠᠳᠤ ᠤᠯᠤᠰ ᠤᠨ ᠺᠢᠨᠣ᠋ ᠲᠧᠯᠸᠢᠰ ᠤᠨ ᠫᠷᠣᠭ᠍ᠷᠠᠮ ᠢ ᠳᠡᠯᠭᠡᠨ ᠦᠵᠡᠭᠦᠯᠭᠦ ᠪᠠ | ᠨᠠᠪᠲᠠᠷᠡᠭᠦᠯᠵᠦ ᠂ ᠵᠢᠯ ᠪᠦᠷᠢ 10 ᠰᠢᠯᠢᠳᠡᠭ ᠲᠧᠯᠸᠢᠰ ᠵᠦᠴᠦᠭᠡ ᠪᠤᠶᠤ ᠰᠢᠯᠢᠳᠡᠭ ᠦᠵᠡᠵᠦ ᠰᠣᠨᠣᠰᠬᠤ ᠫᠷᠣᠭ᠍ᠷᠠᠮ ᠢ | ᠬᠠᠷᠢᠯᠴᠠᠨ ᠣᠷᠴᠢᠭᠤᠯᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠢᠨ ᠲᠠᠢ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠵᠢᠭᠤᠯᠴᠢᠯᠠᠯ ᠤᠨ ᠶᠠᠷᠢᠯᠴᠠᠭ᠎ᠠ ︾ ᠥᠷᠨᠢᠭᠦᠯᠦᠨ᠎ᠡ ᠃ ᠬᠤᠶᠠᠷ ᠲᠠᠯ᠎ᠠ ᠶᠢᠨ ᠬᠥᠮᠥᠰ ᠤᠨ ᠨᠥᠭᠦᠷᠰᠡᠭ | ᠶᠠᠪᠤᠯᠴᠠᠭ᠎ᠠ ᠳᠤ ᠤᠯᠠᠮ ᠨᠢᠭᠡ ᠠᠯᠬᠤᠮ ᠲᠦᠭᠦᠮ ᠦᠵᠡᠭᠦᠯᠭᠦ ᠶᠢᠨ ᠲᠥᠯᠥᠭᠡ ᠂ ᠳᠤᠮᠳᠠᠳᠤ ᠤᠯᠤᠰ ᠯᠠᠲ᠋ᠢᠨ | ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ ᠪᠦᠯᠦᠭ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ ᠬᠡᠪᠴᠢᠶ᠎ᠡ ᠶᠢ | ᠵᠣᠬᠢᠰᠲᠠᠢ ᠴᠠᠭ ᠲᠤ ᠥᠷᠭᠡᠳᠬᠡᠬᠦ ᠪᠠᠷ ᠲᠣᠭᠲᠠᠪᠠ ᠃ | ᠡᠷᠬᠢᠮ ᠵᠣᠴᠢᠳ ᠠ᠋ ᠂ ᠨᠠᠶᠢᠵᠠ ᠨᠠᠷ ᠠ᠋ ︕ | ᠳᠤᠮᠳᠠᠳᠤ ᠤᠯᠤᠰ ᠲᠤ ︽ ᠬᠥᠮᠥᠨ ᠤ ᠠᠮᠢᠳᠤᠷᠠᠯ ᠤᠨ ᠵᠢᠷᠭᠠᠯ ᠭᠡᠵᠦ ᠰᠡᠳᠬᠢᠯ ᠢᠶᠠᠨ ᠣᠶᠢᠯᠠᠭᠠᠯᠴᠠᠬᠤ ᠳᠤ | ᠪᠤᠢ ︾ ᠭᠡᠬᠦ ᠡᠷᠲᠡᠨ ᠤ ᠰᠢᠯᠦᠭ ᠪᠠᠶᠢᠳᠠᠭ ᠂ ᠯᠠᠲ᠋ᠢᠨ ᠠᠮᠧᠷᠢᠺᠠ ᠳᠤ ᠴᠤ ︽ ᠨᠠᠶᠢᠵᠠ ᠲᠠᠢ ᠪᠠᠶᠢᠪᠠᠯ ᠳᠠᠷᠤᠢ ᠡᠳ᠋ | ᠡᠷᠳᠡᠨᠢᠰ ᠲᠠᠢ ︾ ᠭᠡᠬᠦ ᠵᠦᠢᠷ ᠦᠭᠡ ᠪᠠᠶᠢᠳᠠᠭ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ | ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ | ᠪᠣᠯᠣᠨ᠎ᠠ ᠃ ᠪᠢᠳᠠ ᠭᠠᠷ ᠬᠤᠯᠪᠣᠯᠴᠠᠨ ᠂ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ ᠮᠥᠷᠥ ᠵᠡᠷᠭᠡᠴᠡᠨ | ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠃ | |