ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ | ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ | ᠰᠢ ᠶᠢᠨ ᠫᠢᠩ ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ | ᠲᠠᠰᠢᠷᠠᠮ ᠢᠶᠠᠷ ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ | ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ ᠂ ᠡᠨᠡ ᠬᠦ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ ᠰᠢᠵᠢᠷ | ᠠᠯᠳᠠᠨ 50 ᠵᠢᠯ ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ ᠃ ᠤᠷᠪᠠᠭᠠᠨ ᠬᠥᠷᠪᠡᠭᠡᠨ ᠲᠠᠢ | ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ | ᠬᠠᠷᠢᠭᠤᠴᠠᠯᠭ᠎ᠠ ᠡᠭᠦᠷᠭᠡᠯᠡᠬᠦ ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ | ᠰᠠᠨᠠᠭ᠎ᠠ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ | ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ ᠃ | | | | | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠰᠢ ᠶᠢᠨ ᠫᠢᠩ | ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ | ᠰᠡᠭᠦᠳᠡᠷ ᠲᠠᠲᠠᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ | ᠰᠡᠭᠦᠳᠡᠷᠯᠡᠪᠡ ︶ | ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ ᠂ ᠳᠤᠮᠳᠠᠳᠤ ᠪᠷᠠᠽᠢᠯ ᠬᠤᠶᠠᠷ | ᠲᠠᠯ᠎ᠠ ᠪᠠᠷ ᠢᠶᠠᠨ ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ ᠂ ᠬᠠᠷᠢᠯᠴᠠᠨ ᠬᠦᠨᠳᠦᠳᠬᠡᠬᠦ ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ ᠂ ᠨᠦᠭᠦᠭᠡ | ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ | ᠬᠠᠷᠢᠯᠴᠠᠨ ᠲᠡᠮᠵᠢᠵᠥ ᠂ ᠡᠯ᠎ᠡ ᠱᠠᠲᠤ ᠳᠠᠪᠬᠤᠷᠭ᠎ᠠ ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ ᠂ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ ᠃ | ᠬᠤᠶᠠᠷ ᠲᠤ ᠂ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ ᠂ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ | ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ ᠡᠨᠧᠷᠭᠢ ᠵᠡᠷᠭᠡ ᠤᠯᠠᠮᠵᠢᠯᠠᠯᠲᠤ | ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠂ ᠠᠭᠠᠷ ᠤᠨ | ᠠᠶᠠᠯᠠᠯ ᠰᠠᠨᠰᠠᠷ ᠤᠨ ᠠᠶᠠᠯᠠᠯ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠤᠶᠤᠨ ᠴᠢᠳᠠᠪᠤᠷᠢ ᠵᠡᠷᠭᠡ | ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ ᠃ ᠭᠤᠷᠪᠠ ᠳᠤ ᠂ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠢᠷᠡᠬᠦ ᠵᠢᠯ ︽ ᠳᠤᠮᠳᠠᠳᠤ ᠪᠷᠠᠽᠢᠯ ᠤᠨ ᠰᠣᠶᠣᠯ ᠤᠨ ᠣᠨ ︾ ᠢ | ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠂ ᠵᠠᠭᠤᠴᠢᠯᠠᠭᠤᠷ ᠂ | ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠥᠮᠥᠰ ᠤᠨ | ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ ᠃ ᠳᠥᠷᠪᠡ ᠳᠤ ᠂ ᠤᠯᠠᠨ ᠲᠠᠯ᠎ᠠ ᠶᠢᠨ ᠬᠠᠮᠵᠢᠯᠴᠠᠭ᠎ᠠ ᠶᠢ | ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ ᠃ | ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ | ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠳᠠᠨ ᠲᠣᠭᠤᠰᠭ᠋᠎ᠠ ᠤᠯᠤᠰ ᠤᠳ ᠂ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠵᠤ ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢ | ᠲᠡᠭᠦᠯᠳᠡᠷᠵᠢᠭᠦᠯᠵᠦ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ ᠂ ᠲᠤᠭ | ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ | ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ ᠃ | | | | | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ | ᠠᠭᠤᠳᠠᠮ ᠲᠠᠯᠠᠪᠠᠶ ᠳᠤ ᠯᠦᠯᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ︶ | ᠯᠦᠯᠠ ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ ᠂ ᠬᠤᠪᠢ ᠵᠠᠶᠠᠭ᠎ᠠ ᠪᠠᠨ ᠬᠠᠮᠲᠤᠳᠬᠠᠵᠤ ᠂ ᠬᠤᠶᠠᠷ | ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ ᠂ ᠶᠠᠮᠠᠷᠪᠠ ᠭᠠᠳᠠᠭᠠᠳᠤ ᠬᠦᠴᠦᠨ ᠵᠦᠢᠯ ᠤᠨ | ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ | ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ | ᠨᠡᠶᠢᠭᠡᠮ ᠤᠨ ᠬᠥᠭᠵᠢᠯᠲᠡ ᠪᠠᠨ ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ ᠃ | ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠵᠤ ᠂ ᠨᠡᠩ ᠲᠥᠪ ᠭᠤᠣᠯᠴᠢ ᠂ ᠡᠩᠬᠡ ᠲᠠᠶᠢᠪᠤᠩ ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ | ᠪᠠᠶᠢᠭᠤᠯᠵᠤ ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ ᠃ ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠯᠤᠭ᠎ᠠ | ᠵᠣᠯᠭᠠᠭᠤᠯᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠰᠠᠨᠰᠠᠷ ᠤᠨ ᠠᠶᠠᠯᠠᠯ ᠂ | ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠵᠠᠯᠠᠭᠤᠴᠤᠳ ᠤᠨ | ᠰᠣᠯᠢᠯᠴᠠᠭ᠎ᠠ ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ | ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ | ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ | ᠰᠤᠷᠤᠯᠴᠠᠨ ᠲᠣᠯᠢ ᠪᠤᠯᠭᠠᠵᠤ ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ | ᠠᠩᠭᠢᠵᠢᠷᠠᠭᠤᠯᠤᠨ᠎ᠠ ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ | ᠲᠤᠶᠢᠯ ᠤᠨ ᠴᠢᠬᠤᠯᠠ ᠶᠤᠮ ᠂ ᠬᠠᠮᠠᠭᠠᠯᠠᠬᠤ ᠦᠵᠡᠯ ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ | ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ ᠃ ᠳᠤᠮᠳᠠᠳᠤ | ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ ᠤᠨ | ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ | ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ | ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ ᠂ ᠡᠩᠬᠡ | ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ | ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ︽ ᠡᠩᠬᠡ ᠲᠠᠶᠢᠪᠤᠩ ᠤᠨ ᠨᠠᠶᠢᠵᠠ ︾ ᠶᠢᠨ | ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ | ᠳᠡᠮᠵᠢᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ | ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ | ᠵᠥᠪᠰᠢᠶᠡᠷᠡᠪᠡ ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠬᠥᠳᠡᠭᠡ ᠠᠵᠤ ᠠᠬᠤᠢ ᠂ | ᠲᠣᠭᠠᠴᠢᠯᠠᠭᠰᠠᠨ ᠠᠵᠤ ᠠᠬᠤᠢ ᠂ ᠮᠥᠩᠭᠦᠨ ᠭᠦᠢᠯᠭᠡᠭᠡᠨ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ | ᠵᠠᠭᠤᠴᠢᠯᠠᠭᠤᠷ ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ ᠃ | ᠬᠤᠶᠠᠷ ᠲᠠᠯ᠎ᠠ ᠪᠠᠷ ᠢᠶᠠᠨ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ | ᠤᠳᠤᠨ ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠴᠢᠩᠭᠠᠳᠬᠠᠵᠤ ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ | ᠢᠯᠡᠷᠬᠡᠶᠢᠯᠡᠯᠲᠡ ︾ ᠪᠣᠯᠣᠨ ︽ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ | ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ | ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ ᠃ ᠰᠢ ᠶᠢᠨ ᠫᠢᠩ ᠪᠣᠯᠣᠨ ᠯᠦᠯᠠ | ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ | ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ | ᠫᠤᠤ ᠶᠢ 21 ᠳᠤᠤᠭᠠᠷᠭᠠᠪᠠ ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ | ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |