ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ ᠃ | | | | | | 5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ | ᠠᠭᠤᠯᠵᠠᠪᠠ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ ︶ | ᠰᠢ ᠶᠢᠨ ᠫᠢᠩ ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ ᠂ ᠳᠤᠮᠳᠠᠳᠤ | ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ | ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ ᠃ ᠡᠨᠡ ᠵᠢᠯ ᠪᠣᠯ ᠳᠤᠮᠳᠠᠳᠤ | ᠺᠣᠯᠣᠮᠪᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ ᠃ ᠰᠢᠨ᠎ᠡ ᠲᠡᠦᠬᠡ ᠶᠢᠨ ᠭᠠᠷᠤᠭ᠎ᠠ | ᠳᠡᠭᠡᠷ᠎ᠡ ᠵᠣᠭᠰᠣᠵᠤ ᠂ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠬᠤᠶᠠᠷ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ | ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠃ ᠬᠤᠶᠠᠷ | ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠪᠠᠲᠤ | ᠡᠵᠡᠮᠳᠡᠶ᠎ᠡ ᠃ ᠺᠣᠯᠣᠮᠪᠢᠶ᠎ᠠ ᠶᠢᠨ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠬᠤ ᠲᠣᠮᠣ ᠭᠡᠷ ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ ᠂ ᠬᠤᠶᠠᠷ | ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠶ᠎ᠠ ᠃ | ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠲᠡᠮᠵᠢᠨ᠎ᠡ ᠃ ᠬᠤᠶᠠᠷ ᠲᠠᠯ᠎ᠠ ᠪᠠᠷ ᠢᠶᠠᠨ ᠰᠠᠯᠬᠢᠨ | ᠡᠨᠧᠷᠭᠢ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ | ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ | ᠪᠡᠶᠡᠯᠡᠭᠦᠯᠦᠶ᠎ᠡ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ | ᠰᠠᠶᠢᠲᠤᠷ ᠡᠷᠭᠢᠯᠡᠵᠦ ᠂ ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠬᠤᠶᠠᠷ ᠤᠯᠤᠰ ᠤᠨ ᠨᠥᠬᠦᠷᠯᠡᠯ ᠤᠨ | ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ | ᠪᠠᠶᠢᠵᠤ ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ ᠤᠷᠤᠰᠬᠠᠯ ᠢ ᠳᠠᠭᠠᠵᠤ ᠂ ᠳᠤᠮᠳᠠᠳᠤ | ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ | ᠪᠠᠶᠢᠨ᠎ᠠ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ | ᠠᠮᠵᠢᠯᠲᠠ ᠲᠠᠢ ᠬᠤᠷᠠᠯᠳᠤᠵᠤ ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ ᠢᠳᠡᠪᠬᠢᠲᠡᠢ | ᠳᠣᠬᠢᠶ᠎ᠠ ᠶᠢ ᠲᠠᠯᠪᠢᠵᠠᠢ ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠬᠤᠷᠠᠯ ᠢ ᠠᠮᠵᠢᠯᠲᠠ ᠲᠠᠢ ᠡᠷᠭᠢᠯᠡᠭᠦ ᠳᠤ | ᠴᠢᠬᠤᠯᠠ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢ ᠪᠠᠭᠲᠠᠭᠠᠭᠰᠠᠨ ᠯᠠᠲ᠋ᠢᠨ | ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ ᠃ | ᠫᠸᠲᠷᠤ᠋ ᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ | ᠲᠡᠦᠬᠡ ᠲᠠᠢ ᠶᠤᠮ ᠂ ᠺᠣᠯᠣᠮᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ | ᠬᠥᠭᠵᠢᠭᠦᠯᠬᠦ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠵᠤ ᠂ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ ᠰᠢᠨ᠎ᠡ ᠡᠨᠧᠷᠭᠢ ᠂ ᠵᠣᠬᠢᠶᠠᠮᠠᠯ ᠤᠶᠤᠨ ᠴᠢᠳᠠᠪᠤᠷᠢ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ ᠃ | ᠣᠳᠣᠬᠠᠨ ᠳᠤ ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ ᠂ ᠣᠨᠴᠠ | ᠵᠠᠷᠢᠮ ᠤᠯᠤᠰ ᠤᠨ ᠠᠰᠢᠭ ᠲᠤ ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ ᠂ ᠡᠯ᠎ᠡ | ᠤᠯᠤᠰ ᠪᠦᠯᠬᠦᠮᠳᠡᠨ ᠠᠷᠭᠠᠴᠠᠭᠠᠪᠠᠯ ᠵᠣᠬᠢᠨ᠎ᠠ ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ | ᠬᠠᠮᠵᠢᠯᠴᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠥᠭᠵᠢᠵᠦ ᠪᠠᠶᠢᠭ᠎ᠠ | ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃ | ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ︽ ᠲᠣᠷᠭᠠᠨ ᠵᠠᠮ ᠤᠨ ᠠᠵᠤ ᠠᠬᠤᠢ ᠶᠢᠨ | ᠪᠦᠰᠡ ᠪᠣᠯᠣᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ | ᠬᠠᠮᠲᠤ ᠪᠠᠷ ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ | ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ | ᠲᠥᠯᠦᠪᠵᠢᠭᠦᠯᠭᠡ︾ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |