ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ | ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ ᠦᠨᠡᠨ ︾ ᠰᠡᠳᠬᠦᠯ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ ᠡᠨᠡ ᠪᠣᠯ | ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ ᠃ | ᠵᠣᠬᠢᠶᠠᠯ ᠳᠤ ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ | ᠬᠤᠯᠪᠣᠭᠳᠠᠨ᠎ᠠ ᠃ ᠰᠤᠷᠲᠠᠯ ᠤᠨ ᠪᠠᠶᠢᠭᠤᠯᠤᠯᠲᠠ ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ | ᠴᠢᠳᠠᠬᠤ ᠡᠰᠡᠬᠦ ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ ᠬᠤᠯᠪᠣᠭᠳᠠᠵᠤ | ᠪᠠᠶᠢᠳᠠᠭ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ | ᠣᠷᠣᠰᠢᠵᠤ ᠪᠠᠶᠢᠭ᠎ᠠ ᠵᠦᠢᠯ ᠵᠦᠢᠯ ᠤᠨ ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ ᠂ ᠲᠥᠪ ᠤᠨ | ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ ᠂ ᠰᠢᠨ᠎ᠡ | ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ ᠂ ᠬᠡᠷᠬᠢᠨ ᠠᠳᠬᠤᠬᠤ ᠠᠰᠠᠭᠤᠳᠠᠯ ᠢ | ᠰᠢᠢᠳᠪᠦᠷᠢᠯᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ ᠃ ᠰᠢᠨ᠎ᠡ ᠴᠠᠭ ᠦᠶ᠎ᠡ ᠳᠤ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠤᠪᠢᠰᠬᠠᠯᠲᠤ ᠴᠢᠨᠠᠷᠲᠠᠢ ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ | ᠰᠤᠯᠠᠷᠠᠵᠤ ᠂ ᠰᠤᠷᠲᠠᠯ ᠭᠦᠪᠰᠥᠭᠡᠷ ᠪᠣᠯᠤᠭᠰᠠᠨ ᠪᠠᠶᠢᠳᠠᠯ ᠢᠯᠡᠳᠲᠡ ᠬᠤᠪᠢᠷᠠᠵᠤ ᠂ ᠦᠨᠡᠨ ᠬᠦ ᠬᠠᠮᠢᠶᠠᠷᠴᠤ ᠦᠨᠡᠨ | ᠬᠦ ᠴᠢᠩᠳᠠᠯᠠᠵᠤ ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ | ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ ᠦᠨᠳᠦᠰᠦᠨ ᠳᠡᠭᠡᠨ ᠪᠦᠷᠢᠯᠳᠦᠵᠦ ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ | ᠦᠷᠭᠦᠯᠵᠢᠯᠡᠨ ᠰᠠᠶᠢᠵᠢᠷᠠᠵᠤ ᠂ ᠠᠷᠠᠳ ᠲᠦᠮᠡᠨ ᠤ ᠰᠡᠳᠬᠢᠯ ᠳᠠᠬᠢ ᠨᠠᠮ ᠤᠨ ᠳᠦᠷᠢ ᠲᠥᠷᠬᠦ ᠶᠢ ᠲᠠᠭᠢᠨ ᠱᠤᠭᠤᠵᠠᠢ | ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ | ᠱᠠᠭᠠᠷᠳᠠᠯᠭ᠎ᠠ ᠮᠥᠨ ᠃ ᠨᠠᠮ ᠨᠢ ᠨᠠᠮ ᠢ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠪᠠ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ | ᠬᠡᠷᠡᠭᠵᠢᠭᠦᠯᠦᠭᠰᠡᠨ ᠨᠢ ᠳᠠᠷᠤᠢ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠤᠨ ᠰᠤᠷᠲᠠᠯ ᠢᠶᠠᠨ ᠰᠠᠶᠢᠵᠢᠷᠠᠭᠤᠯᠬᠤ ᠳᠤ | ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ ᠲᠥᠯᠥᠭᠡ ᠶᠤᠮ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ ᠂ ᠳᠡᠭᠡᠷ᠎ᠡ ᠠᠴᠠ ᠳᠣᠷᠣᠭᠰᠢ ᠪᠠᠨ ᠂ ᠨᠢᠭᠡ ᠱᠠᠲᠤ ᠨᠢ ᠨᠢᠭᠡ | ᠱᠠᠲᠤ ᠪᠠᠨ ᠳᠠᠭᠠᠭᠤᠯᠵᠤ ᠂ ᠨᠢᠭᠡ ᠱᠠᠲᠤ ᠨᠢ ᠨᠢᠭᠡ ᠱᠠᠲᠤᠨ ᠳᠠᠭᠠᠨ ᠳᠠᠭᠤᠷᠢᠶᠠᠯ ᠦᠵᠡᠭᠦᠯᠵᠦ ᠂ | ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ ᠃ ᠪᠢᠳᠠ ᠦᠨᠡᠨ ᠬᠦ | ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭᠠᠵᠤ | ᠭᠠᠷᠭᠠᠪᠠ ᠃ | ᠵᠣᠬᠢᠶᠠᠯ ᠳᠤ ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ | ᠪᠣᠯᠣᠨ᠎ᠠ ᠃ ︽ ᠲᠦᠷᠪᠡᠨ ᠰᠤᠷᠲᠠᠯ ︾ ᠤᠨ ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ ᠂ | ᠵᠣᠷᠢᠯᠲᠠ ᠪᠠᠨ ᠠᠯᠳᠠᠭᠰᠠᠨ ᠶᠠᠪᠤᠳᠠᠯ ᠪᠣᠯᠣᠨ᠎ᠠ ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ | ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ ᠂ | ︽ ᠲᠦᠷᠪᠡᠨ ᠰᠤᠷᠲᠠᠯ ︾ ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠂ ︽ ᠴᠢᠯᠡᠭᠡᠨ ᠠᠴᠠ | ᠪᠣᠯᠤᠭᠰᠠᠨ ᠨᠡᠶᠢᠯᠡᠭ ᠭᠡᠮ ︾ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ ᠂ ᠵᠢᠷᠭᠠᠨ ᠴᠡᠩᠭᠡᠬᠦ ᠦᠵᠡᠯ ᠂ ᠱᠠᠯᠢᠨ | ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠴᠤᠬᠤᠶᠢᠮᠠᠬᠴᠠ ᠠᠷᠢᠯᠭᠠᠵᠤ ᠂ ︽ ᠲᠦᠷᠪᠡᠨ | ᠰᠤᠷᠲᠠᠯ ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ ᠂ ᠲᠠᠭᠢᠨ | ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ︕ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠵᠠᠯᠠᠷᠠᠭᠤᠯᠤᠨ | ᠵᠠᠰᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ | ᠡᠭᠦᠷᠭᠡ ᠪᠤᠯᠭᠠᠵᠤ ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ ᠂ ᠰᠢᠨᠵᠢᠯᠡᠬᠦ ᠤᠬᠠᠭᠠᠨᠴᠢ | ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ ᠂ ᠬᠠᠲᠠᠭᠤ ᠲᠠᠢ ᠨᠢ ᠬᠠᠯᠳᠠᠵᠤ ᠂ ᠪᠣᠳᠠᠲᠤ ᠦᠷ᠎ᠡ ᠪᠦᠲᠦᠮᠵᠢ ᠶᠢ | ᠡᠷᠭᠢᠮᠯᠡᠭᠦ ᠬᠡᠷᠡᠭᠲᠡᠢ ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠂ ᠪᠡᠷᠬᠡ ᠳᠠᠪᠠᠭ᠎ᠠ ᠶᠢ ᠳᠠᠪᠠᠭ᠋ᠤ | ᠰᠥᠰᠥ ᠵᠣᠷᠢᠭ ᠢᠶᠠᠷ ᠲᠣᠭᠲᠠᠯ ᠬᠦᠴᠦᠨ ᠢᠶᠠᠨ ᠪᠠᠲᠤᠯᠠᠵᠤ ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ ᠂ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠲᠤᠭᠤᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠭᠡᠮ | ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ | ᠭᠠᠷᠭᠠᠪᠠ ᠃ | ᠵᠣᠬᠢᠶᠠᠯ ᠳᠤ ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠂ ᠳᠠᠭᠤᠰᠤᠰᠢ ᠦᠭᠡᠢ ᠶᠤᠮ ᠃ | ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ | ᠢᠲᠡᠭᠡᠯ ᠪᠠᠶᠢᠭᠤᠯᠬᠤ ᠠᠵᠢᠯᠯᠠᠭ᠎ᠠ ᠮᠥᠨ ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ ᠂ ᠤᠳᠠᠭᠠᠨ | ᠳᠠᠭᠠᠭᠠᠮᠠᠭᠠᠢ ᠪᠠᠷᠢᠮᠲᠠᠯᠠᠵᠤ ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ ᠂ ᠬᠤᠷᠢᠨ ᠵᠢᠯ ᠬᠦᠷᠬᠦ ᠦᠭᠡᠢ ᠪᠣᠯ | ᠭᠤᠴᠢᠨ ᠵᠢᠯ ᠴᠢᠷᠮᠠᠶᠢᠵᠤ ᠂ ᠬᠡᠪ ᠰᠤᠷᠲᠠᠯ ᠢ ᠦᠨᠡᠨ ᠬᠦ ᠬᠤᠪᠢᠷᠠᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ᠃ ᠪᠢᠳᠡ ᠴᠢᠯᠠᠭᠤᠨ ᠳᠡᠭᠡᠷ᠎ᠡ | ᠭᠢᠰᠬᠢᠪᠡᠯ ᠮᠥᠷ ᠲᠠᠢ ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠠᠳᠬᠤᠵᠤ ᠂ ᠰᠠᠶᠢᠨ ᠢᠶᠠᠷ | ᠡᠬᠢᠯᠡᠭᠦᠯᠵᠦ ᠰᠠᠶᠢᠨ ᠢᠶᠠᠷ ᠲᠡᠭᠦᠰᠬᠡᠵᠦ ᠂ ᠴᠢᠳᠠᠮᠠᠭᠠᠢ ᠠᠵᠢᠯᠯᠠᠵᠤ ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ ᠃ | ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ ᠂ ᠡᠨᠡ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠠᠮ ᠤᠨ ᠭᠡᠰᠢᠭᠦᠨ ᠂ ᠺᠠᠳ᠋ᠷ ᠤᠨ ᠲᠣᠭᠲᠠᠯ | ᠬᠦᠴᠦᠨ ᠢᠶᠠᠨ ᠨᠡᠮᠡᠭᠳᠡᠭᠦᠯᠬᠦ ᠂ ᠳᠠᠳᠬᠠᠯ ᠪᠤᠯᠬᠤ ᠶᠢ ᠠᠬᠢᠭᠤᠯᠵᠤ ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ | |