ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ — ᠯᠢᠤᠶᠢᠰᠢ ᠠᠨ • ᠰᠠᠸᠢ • ᠳ᠋ᠸᠲ᠋ᠤᠹ ᠲᠤ | ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ | ᠹᠦᠯᠸᠢ • ᠠᠶᠢᠰᠤᠴᠢᠮᠥ᠋ᠨᠠ • ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠠ | ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ | ᠪᠠᠶᠠᠷ ᠬᠦᠷᠭᠡᠪᠡ ᠃ | ᠰᠢ ᠶᠢᠨ ᠫᠢᠩ ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ | ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠣᠶᠢᠵᠢᠭᠤᠯᠵᠠᠢ ᠃ ᠬᠠᠭᠠᠰ | ᠵᠠᠭᠤᠨ ᠭᠠᠷᠤᠢ ᠶᠢᠨ ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ ᠂ ᠡᠷᠬᠡ ᠲᠡᠭᠰᠢ ᠬᠠᠷᠢᠯᠴᠠᠨ | ᠢᠲᠡᠭᠡᠯᠴᠡᠬᠦ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠲᠤᠰ ᠲᠤᠰ ᠤᠨ ᠢᠶᠠᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ | ᠳᠡᠮᠵᠢᠯᠴᠡᠵᠦ ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ ᠃ 2024 ᠣᠨ ᠤ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ | ᠨᠡᠭᠡᠭᠡᠪᠡ ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠴᠢᠷᠮᠠᠶᠢᠵᠤ ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ ᠂ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠵᠦ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠬᠤᠶᠠᠷ ᠤᠯᠤᠰ ᠤᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ | ᠪᠠᠶᠠᠯᠢᠭᠵᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ | ᠭᠠᠷᠭᠠᠪᠠ ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ | ᠴᠢᠮᠡᠭᠡ ᠶᠠᠪᠤᠭᠤᠯᠵᠤ ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ | ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ ᠃ | |