5 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠱᠧᠩ ᠰᠢᠶᠣᠣ ᠶᠢᠥ ᠣᠷᠳᠣᠰ ᠬᠤᠲᠠ ᠶᠢᠨ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠠᠭᠤᠷᠬᠠᠶ ᠶᠢᠨ ᠣᠷᠣᠨ ᠤ | ᠭᠤᠤᠯ ᠮᠥᠷᠡᠨ ᠨᠠᠭᠤᠷ ᠴᠥᠭᠦᠷᠥᠮ ᠢ ᠡᠵᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠨ | ᠵᠢᠯᠣᠭᠤᠳᠪᠠ᠃ ᠣᠷᠳᠣᠰ ᠬᠤᠲᠠ ᠶᠢᠨ ᠾᠧ ᠲᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠾᠧ ᠲᠠᠢ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠰᠢ ᠮᠧᠩ ᠶᠤᠸᠠᠢ ᠳ᠋ᠠ ᠡᠨᠧᠷᠭᠢ ᠶᠢᠨ ᠬᠢᠵᠠᠭᠠᠷᠲᠤ | ᠺᠣᠮᠫᠠᠨᠢ ᠶᠢᠨ ᠤᠯᠠᠭᠠᠨ ᠰᠤᠪᠠᠭ ᠤᠨ ᠨᠡᠭᠦᠷᠡᠰᠦᠨ ᠠᠭᠤᠷᠬᠠᠶ ᠵᠡᠷᠭᠡ ᠠᠭᠤᠷᠬᠠᠶ ᠶᠢᠨ ᠣᠷᠣᠨ ᠤ ᠭᠤᠤᠯ ᠤᠨ ᠵᠠᠮ ᠢ | ᠡᠵᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠲᠠᠯᠠᠪᠠᠶ ᠳᠤ ᠨᠢ ᠪᠠᠶᠢᠴᠠᠭᠠᠨ | ᠦᠵᠡᠭᠰᠡᠨ ᠤ ᠳᠠᠷᠠᠭ᠎ᠠ᠂ ᠲᠠᠷᠠᠭᠠᠴᠢ ᠶᠢᠨ ᠠᠯᠬᠤᠮ ᠤᠨ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ | ᠵᠠᠰᠠᠵᠤ ᠬᠢᠨᠠᠨ ᠬᠠᠮᠢᠶᠠᠷᠬᠤ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | ᠱᠧᠩ ᠰᠢᠶᠣᠣ ᠶᠢᠤ᠂ ᠣᠷᠳᠣᠰ ᠬᠤᠲᠠ ᠢᠮᠠᠭᠲᠠ ᠭᠤᠤᠯ ᠮᠥᠷᠡᠨ ᠨᠠᠭᠤᠷ ᠴᠥᠭᠦᠷᠥᠮ ᠤᠨ ᠠᠮᠢ | ᠠᠬᠤᠶ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠪᠣᠯᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ | ᠨᠢᠭᠲᠠᠷᠠᠭᠤᠯᠬᠤ ᠬᠡᠷᠡᠭᠲᠡᠶ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠳᠡᠭ ᠢ | ᠪᠠᠷᠢᠮᠲᠠᠯᠠᠵᠤ᠂ ᠡᠩ ᠲᠡᠷᠢᠭᠦᠨ ᠳᠤ ᠠᠰᠠᠭᠤᠳᠠᠯ ᠢ ᠣᠯᠵᠤ ᠮᠡᠳᠡᠪᠡᠯ ᠴᠡᠭᠴᠡᠯᠡᠨ ᠰᠠᠶᠢᠵᠢᠷᠠᠭᠤᠯᠬᠤ ᠶᠢ ᠪᠠᠷᠢᠨ | ᠭᠦᠢᠴᠡᠳᠬᠡᠬᠦ ᠪᠠᠴᠢᠮ ᠡᠭᠦᠷᠭᠡ ᠪᠣᠯᠭᠠᠵᠤ᠂ ᠰᠠᠶᠢᠲᠤᠷ ᠥᠭᠡᠷᠡᠴᠢᠯᠡᠵᠦ᠂ ᠲᠦᠢᠯᠪᠤᠷᠢᠲᠠᠢ ᠥᠭᠡᠷᠡᠴᠢᠯᠡᠬᠦ ᠬᠡᠷᠡᠭᠲᠡᠢ᠃ | ᠤᠷᠳᠤ ᠬᠤᠭᠤᠴᠠᠭᠠᠨ ᠤ ᠪᠦᠲᠦᠮᠵᠢᠲᠡᠢ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠬᠦ ᠪᠠᠷ ᠭᠤᠣᠯᠳᠠᠯᠭ᠎ᠠ ᠪᠣᠯᠭᠠᠵᠤ᠂ ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ | ᠪᠠᠶᠢᠷᠢᠰᠢᠯ ᠢ ᠰᠠᠶᠢᠵᠢᠷᠠᠭᠤᠯᠬᠤ᠂ ᠰᠤᠷᠲᠠᠯ ᠢ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ | ᠭᠤᠣᠯ ᠤᠨ ᠵᠠᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠡᠳᠡᠮᠡᠭᠴᠡ ᠰᠠᠶᠢᠵᠢᠷᠠᠭᠤᠯᠵᠤ᠂ | ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠴᠢᠩᠭ᠎ᠠ ᠪᠠᠶᠢᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠠᠯ᠎ᠠ ᠪᠠᠷ | ᠪᠣᠳᠠᠲᠠᠢ ᠪᠠᠶᠢᠵᠤ᠂ ᠭᠤᠣᠯ ᠮᠥᠷᠡᠨ ᠨᠠᠭᠤᠷ ᠴᠥᠭᠦᠷᠥᠮ ᠢ ᠡᠵᠡᠯᠡᠭᠰᠡᠨ ᠵᠡᠷᠭᠡ ᠠᠮᠢ ᠠᠬᠤᠢ ᠶᠢᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠳᠣᠬᠠᠨ ᠳᠤ᠂ ᠣᠷᠳᠣᠰ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ 6 | ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠦᠷᠭᠦᠯᠵᠢᠯᠡᠨ ᠳᠠᠭᠠᠵᠤ᠂ ᠲᠤᠬᠠᠶ ᠶᠢᠨ ᠭᠠᠵᠠᠷ ᠤᠨ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠮᠵᠢ ᠪᠠᠨ ᠪᠠᠬᠢᠵᠢᠭᠦᠯᠬᠦ ᠶᠢ ᠬᠢᠨᠠᠨ ᠵᠢᠯᠣᠭᠤᠳᠴᠤ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ᠂ | ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠲᠠᠰᠤᠭ᠂ ᠣᠷᠳᠣᠰ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ ᠬᠤᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | |