ᠥᠪᠥᠷ ᠮᠣᠩᠭᠤᠯ 19 ᠵᠦᠢᠯ ᠤᠨ ᠠᠷᠭ᠎ᠠ ᠬᠡᠮᠵᠢᠶ᠎ᠡ ᠲᠣᠭᠲᠠᠭᠠᠵᠤ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2025/5/18
  ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠤᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠤ ᠦᠢᠯᠡᠰ ᠢ ᠲᠦᠷᠭᠡᠳᠭᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ︾ ︵ᠳᠤᠷᠤᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ 19 ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠤᠰᠤ ᠠᠷᠪᠢᠯᠠᠬᠤ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃  ︽ᠠᠷᠭ᠎ᠠ ᠬᠡᠮᠵᠢᠶ᠎ᠡ︾ ᠳᠤ ᠲᠣᠳᠣᠷᠬᠠᠶᠢᠯᠠᠭᠰᠠᠨ ᠨᠢ᠂ 2025 ᠣᠨ ᠳᠤ᠂ ᠥᠪᠥᠷ ᠮᠣᠩᠭᠤᠯ ᠪᠥᠬᠦ ᠣᠷᠣᠨ ᠤ ᠬᠡᠪᠴᠢᠶᠡᠨ ᠳᠤ 20 ᠠᠴᠠ ᠳᠡᠭᠡᠭᠰᠢᠬᠢ ᠭᠡᠷ᠎ᠡ ᠪᠠᠷ ᠤᠰᠤ ᠠᠷᠪᠢᠯᠠᠬᠤ ᠲᠥᠷᠥᠯ ᠵᠦᠢᠯ ᠢ        ᠬᠡᠷᠡᠭᠵᠢᠭᠦᠯᠦᠨ᠎ᠡ᠃ 2027 ᠣᠨ ᠪᠣᠯᠬᠤ ᠳᠤ᠂ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ ᠤᠰᠤ ᠠᠷᠪᠢᠯᠠᠬᠤ ᠠᠵᠤ ᠦᠢᠯᠡᠰ ᠤᠨ 3 — 5 ᠠᠵᠤ ᠠᠬᠤᠶᠢᠯᠠᠯ ᠢ ᠳᠠᠬᠢᠨᠲᠠ ᠪᠤᠶᠢᠵᠢᠭᠤᠯᠵᠤ᠂ ᠤᠰᠤ ᠠᠷᠪᠢᠯᠠᠬᠤ ᠣᠯᠠᠨ ᠡᠰᠢᠵᠢᠭᠰᠡᠨ ᠠᠵᠤ ᠦᠢᠯᠡᠰ ᠤᠨ ᠵᠠᠬ᠎ᠠ ᠳᠡᠯᠭᠡᠭᠦᠷ ᠢ ᠪᠤᠶ ᠪᠣᠯᠭᠠᠨ᠎ᠠ᠃ 2035 ᠣᠨ ᠪᠣᠯᠬᠤ ᠳᠤ᠂ ᠬᠥᠲᠥᠴᠢ ᠠᠵᠤ ᠠᠬᠤᠶᠢᠯᠠᠯ ᠤᠨ ᠲᠣᠭᠤᠷᠢᠨ ᠳᠤ᠂ ᠤᠰᠤ ᠠᠷᠪᠢᠯᠠᠬᠤ ᠮᠡᠷᠭᠡᠵᠢᠯ ᠤᠷ᠎ᠠ ᠮᠡᠷᠭᠡᠰᠢᠯ᠂ ᠦᠢᠯᠡᠳᠬᠦᠨ ᠤ ᠲᠣᠨᠤᠭ ᠲᠥᠬᠦᠭᠡᠷᠦᠮᠵᠢ ᠦᠢᠯᠡᠳᠬᠦ᠂ ᠬᠠᠮᠢᠶᠠᠷᠤᠯᠲᠠ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠳᠤ ᠠᠵᠤ ᠦᠢᠯᠡᠰ ᠤᠨ ᠬᠠᠮᠵᠢᠯᠴᠠᠨ ᠬᠥᠭᠵᠢᠬᠦ ᠲᠣᠭᠲᠠᠴᠠ ᠶᠢ ᠪᠠᠶᠢᠭᠤᠯᠤᠨ᠎ᠠ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠲᠠᠷᠢᠶᠠᠯᠠᠩ᠂ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠪᠠ ᠣᠯᠠᠨ ᠨᠡᠶᠢᠲᠡ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢ ᠶᠡᠬᠡᠪᠡᠷ ᠳᠡᠯᠭᠡᠷᠡᠭᠦᠯᠦᠨ᠎ᠡ︔ ᠭᠤᠷᠪᠠᠳᠠᠬᠢ ᠡᠲᠡᠭᠡᠳ ᠤᠨ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠵᠤ᠂ ᠲᠥᠷᠥᠯ ᠵᠦᠢᠯ ᠢ ᠵᠣᠯᠭᠠᠭᠤᠯᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ︔ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠶᠢᠨ ᠬᠠᠮᠲᠤ᠂ ᠤᠰᠤ ᠬᠡᠷᠡᠭᠯᠡᠬᠦ ᠶᠢ ᠬᠡᠮᠵᠢᠬᠦ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠷᠠᠭᠤᠯᠵᠤ᠂ ᠪᠦᠬᠦ ᠣᠷᠣᠨ ᠤ ᠡᠯ᠎ᠡ ᠠᠵᠢᠯ ᠲᠥᠷᠥᠯ ᠤᠨ ᠤᠰᠤ ᠠᠪᠬᠤ ᠬᠢᠨᠠᠨ ᠬᠡᠮᠵᠢᠬᠦ ᠬᠡᠮᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃  ᠤᠰᠤ ᠠᠷᠪᠢᠯᠠᠬᠤ ᠬᠥᠲᠥᠴᠢ ᠠᠵᠤ ᠠᠬᠤᠶᠢᠯᠠᠯ ᠢ ᠪᠤᠶᠢᠵᠢᠭᠤᠯᠬᠤ ᠲᠠᠯ᠎ᠠ ᠪᠠᠷ᠂ ᠥᠪᠥᠷ ᠮᠣᠩᠭᠤᠯ ᠨᠥᠬᠦᠴᠡᠯ ᠳᠤ ᠨᠡᠶᠢᠴᠡᠭᠰᠡᠨ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠶᠢ ᠳᠡᠮᠵᠢᠪᠡ᠃ ᠡᠭᠦᠨ ᠤ ᠬᠠᠮᠲᠤ᠂ ︽ᠤᠰᠤ ᠠᠷᠪᠢᠯᠠᠬᠤ ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠠᠰᠢᠭᠯᠠᠵᠤ᠂ ᠤᠰᠤ ᠠᠷᠪᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠲᠠᠷᠢᠶᠠᠯᠠᠩ ᠬᠥᠳᠡᠭᠡ ᠲᠣᠰᠬᠤᠨ ᠤ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠤᠰᠤ ᠠᠷᠪᠢᠯᠠᠬᠤ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠤᠰᠬᠠᠶᠢᠵᠢᠭᠰᠠᠨ ᠤᠰᠤ ᠠᠷᠪᠢᠯᠠᠬᠤ ᠥᠭᠡᠷᠡᠴᠢᠯᠡᠯᠲᠡ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠶᠢᠨ ᠬᠠᠮᠲᠤ᠂ ᠡᠯ᠎ᠡ ᠠᠵᠢᠯ ᠲᠥᠷᠥᠯ ᠬᠢᠭᠡᠳ ᠤᠰᠤ ᠠᠷᠪᠢᠯᠠᠬᠤ ᠠᠵᠤ ᠦᠢᠯᠡᠰ ᠤᠨ ᠬᠤᠭᠤᠷᠣᠨᠳᠣᠬᠢ ᠠᠭᠤᠰᠤᠯᠴᠠᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠰᠤ ᠠᠷᠪᠢᠯᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠵᠣᠷᠢᠭᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠣᠯᠠᠨ ᠵᠦᠢᠯ ᠤᠨ ᠬᠡᠯᠪᠡᠷᠢ ᠶᠢᠨ ᠤᠰᠤ ᠠᠷᠪᠢᠯᠠᠬᠤ ᠦᠢᠯᠡᠳᠬᠦᠨ ᠤ ᠲᠣᠨᠤᠭ ᠲᠥᠬᠦᠭᠡᠷᠦᠮᠵᠢ ᠶᠢᠨ ᠳᠡᠯᠭᠡᠨ ᠪᠣᠷᠣᠯᠠᠭᠤᠯᠬᠤ ᠴᠤᠭᠯᠠᠭᠠᠨ᠂ ᠠᠷᠠᠯᠵᠢᠶᠠᠨ ᠤ ᠴᠤᠭᠯᠠᠭᠠᠨ ᠪᠠ ᠮᠡᠷᠭᠡᠵᠢᠯ ᠤᠨ ᠦᠵᠡᠭᠦᠯᠭᠡ ᠶᠢᠨ ᠴᠤᠭᠯᠠᠭᠠᠨ ᠵᠡᠷᠭᠡ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠤᠰᠤ ᠠᠷᠪᠢᠯᠠᠬᠤ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠷᠠᠭᠤᠯᠤᠨ᠂ ᠤᠰᠤ ᠠᠷᠪᠢᠯᠠᠬᠤ ᠠᠵᠤ ᠦᠢᠯᠡᠰ ᠤᠨ ᠳᠡᠮᠵᠢᠯᠭᠡ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ ᠤᠨ ᠥᠪᠥᠷ ᠮᠣᠩᠭᠤᠯ ᠤᠨ ᠰᠤᠪᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号