ᠡᠯ᠎ᠡ ᠬᠤᠯᠪᠣᠭᠳᠠᠯ ᠪᠦᠬᠦᠢ ᠨᠢᠭᠡᠴᠢ᠄ | ︽2025 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ | ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ | ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ | ᠦᠢᠯᠡᠳᠪᠦᠷᠢᠯᠡᠯ ᠤᠨ ᠰᠢᠯᠭᠠᠯᠲᠠ ᠶᠢᠨ ᠲᠥᠯᠥᠪᠯᠡᠭᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤᠨ | ᠲᠡᠭᠡᠭᠡᠪᠦᠷᠢ ᠬᠠᠮᠢᠶᠠᠷᠤᠯᠲᠠ ﹇2025﹈ 10 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠦᠨᠳᠦᠰᠦᠯᠡᠨ ᠂ ᠣᠲᠣ 2025 ᠣᠨ ᠤ ᠨᠢᠭᠡᠳᠦᠭᠡᠷ ᠪᠦᠯᠦᠭ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ | ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ︵ᠳᠣᠷᠣᠭᠰᠢ ︽ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠭᠡᠵᠦ | ᠲᠣᠪᠴᠢᠯᠠᠨ᠎ᠠ︶ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠪᠡ ᠃ | ᠨᠢᠭᠡ ᠂ ᠨᠡᠷ᠎ᠡ ᠮᠡᠳᠡᠭᠦᠯᠬᠦ ᠴᠠᠭ | 2025 ᠣᠨ ᠤ 5 ᠳ᠋ᠤᠭᠠᠷ ᠰᠠᠷ᠎ᠠ ᠶᠢᠨ 19 ᠤ ᠡᠳᠦᠷ ᠠᠴᠠ 5 ᠳ᠋ᠤᠭᠠᠷ ᠰᠠᠷ᠎ᠠ ᠶᠢᠨ 30 ᠤ ᠡᠳᠦᠷ | ᠬᠤᠶᠠᠷ ᠂ ᠨᠡᠷ᠎ᠡ ᠮᠡᠳᠡᠭᠦᠯᠬᠦ ᠬᠡᠪᠴᠢᠶ᠎ᠡ ᠵᠢᠴᠢ ᠠᠷᠭ᠎ᠠ ᠮᠠᠶ᠋ᠢᠭ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵A ᠲᠥᠷᠥᠯ︶ ᠂ ᠲᠥᠷᠥᠯ | ᠵᠦᠢᠯ ᠤᠨ ᠬᠠᠷᠢᠭᠤᠴᠠᠯᠭᠠᠲᠠᠨ ︵B ᠲᠥᠷᠥᠯ︶ ᠂ ᠠᠶᠤᠯ ᠥᠬᠡᠶ ᠦᠢᠯᠡᠳᠪᠦᠷᠢᠯᠡᠯ ᠤᠨ ᠲᠤᠰᠬᠠᠶ | ᠬᠠᠮᠢᠶᠠᠷᠤᠯᠲᠠ ᠶᠢᠨ ᠠᠵᠢᠯᠲᠠᠨ ︵C ᠲᠥᠷᠥᠯ︶ ᠤ ᠦᠨᠡᠮᠯᠡᠯ ᠤᠨ ᠬᠠᠮᠢᠶ᠎ᠠ ᠪᠥᠬᠦᠶ ᠠᠵᠢᠯ ᠡᠷᠭᠢᠯᠡᠭᠰᠡᠳ ᠢ | ᠰᠢᠨ᠎ᠡ ᠪᠠᠷ ᠭᠤᠶᠤᠴᠢᠯᠠᠨ᠎ᠠ ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ ᠢ ᠦᠷᠭᠦᠯᠵᠢᠯᠡᠭᠦᠯᠬᠦ ᠬᠥᠮᠥᠨ ᠲᠤᠰ | ᠤᠳᠠᠭᠠᠨ ᠤ ᠰᠢᠯᠭᠠᠯᠲᠠ ᠳᠤ ᠣᠷᠣᠯᠴᠠᠵᠤ ᠪᠣᠯᠬᠤ ᠦᠭᠡᠢ ᠃ | 2. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠨ᠎ᠡ ᠃ https://c.exam-sp. | com/nmgcc ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ ᠂ ᠲᠤᠬᠠᠢ ᠶᠢᠨ ᠭᠠᠵᠠᠷ ᠲᠤ ᠬᠦᠷᠴᠦ ᠨᠡᠷ᠎ᠡ | ᠮᠡᠳᠡᠭᠦᠯᠬᠦ ᠶᠢ ᠬᠦᠯᠢᠶᠡᠬᠦ ᠦᠬᠡᠢ ᠂ ᠤᠲᠠᠰᠤ ᠪᠤᠶᠤ ᠰᠢᠤᠳᠠᠨ ᠤ ᠮᠠᠲ᠋ᠧᠷᠢᠶᠠᠯ ᠵᠡᠷᠭᠡ ᠪᠤᠰᠤᠳ ᠬᠡᠯᠪᠡᠷᠢ ᠪᠠᠷ ᠨᠡᠷ᠎ᠡ | ᠮᠡᠳᠡᠭᠦᠯᠦᠨ᠎ᠡ ᠃ ᠨᠡᠷ᠎ᠡ ᠮᠡᠳᠡᠭᠦᠯᠬᠦ ᠰᠢᠰᠲ᠋ᠧᠮ ᠳᠤ ᠭᠤᠶᠤᠴᠢᠯᠠᠭᠴᠢ ᠶᠢᠨ ᠣᠪᠣᠭ ᠨᠡᠷ᠎ᠡ ᠂ ᠪᠡᠶ᠎ᠡ ᠶᠢᠨ ᠦᠨᠡᠮᠯᠡᠯ ᠤᠨ | ᠨᠣᠮᠧᠷ ᠂ ᠲᠥᠷᠥᠯ ᠢᠯᠭᠠᠯ ᠭᠤᠶᠤᠴᠢᠯᠠᠬᠤ ᠪᠠ ᠣᠶᠢᠷ᠎ᠠ ᠶᠢᠨ ᠬᠤᠭᠤᠴᠠᠭᠠᠨ ᠤ ᠡᠯᠧᠺᠲᠷᠣᠨ ᠬᠡᠷᠡᠯ ᠵᠢᠷᠤᠭ ᠵᠡᠷᠭᠡ | ᠮᠡᠳᠡᠭᠡ ᠵᠠᠩᠭᠢ ᠶᠢ ᠣᠷᠣᠭᠤᠯᠬᠤ ᠴᠢᠬᠤᠯᠠᠲᠠᠶ ᠂ ᠡᠷᠬᠡᠪᠰᠢ ᠵᠥᠪ ᠣᠨᠣᠪᠴᠢᠲᠠᠶ ᠲᠠᠭᠯᠠᠨ ᠪᠢᠴᠢᠬᠦ ᠬᠡᠷᠡᠭᠲᠡᠶ ᠃ | ᠭᠤᠷᠪᠠ ᠂ ᠰᠢᠯᠭᠠᠬᠤ ᠴᠠᠭ ᠵᠢᠴᠢ ᠭᠠᠵᠠᠷ | ᠰᠢᠯᠭᠠᠯᠲᠠ ᠶᠢᠨ ᠴᠠᠭ᠄ 2025 ᠣᠨ ᠤ 6 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ | 9᠄ 00 — 11᠄ 30 ᠴᠠᠭ | ᠰᠢᠯᠭᠠᠯᠲᠠ ᠶᠢᠨ ᠭᠠᠵᠠᠷ᠄ ᠬᠥᠬᠡᠬᠤᠲᠠ | ᠳᠥᠷᠪᠡ ᠂ ᠰᠢᠯᠭᠠᠭᠤᠯᠬᠤ ᠦᠨᠡᠮᠯᠡᠯ ᠢ ᠪᠠᠭᠤᠯᠭᠠᠵᠤ ᠳᠠᠷᠤᠮᠠᠯᠯᠠᠨ᠎ᠠ | ᠰᠢᠯᠭᠠᠭᠤᠯᠤᠭᠴᠢ ᠬᠤᠪᠢ ᠬᠥᠮᠦᠨ 2025 ᠣᠨ ᠤ 6 ᠳ᠋ᠤᠭᠠᠷ ᠰᠠᠷ᠎ᠠ ᠶᠢᠨ 4 ᠤ ᠡᠳᠦᠷ ᠤᠨ 9᠄ 00 | ᠴᠠᠭ ᠠᠴᠠ 6 ᠳ᠋ᠤᠭᠠᠷ ᠰᠠᠷ᠎ᠠ ᠶᠢᠨ 11 ᠤ ᠡᠳᠦᠷ ᠤᠨ 9᠄ 00 ᠴᠠᠭ ᠲᠤ https://c.exam-sp. | com/nmgcc ᠰᠦᠯᠵᠢᠶᠡᠨ ᠳᠤ ᠭᠠᠷᠴᠦ ᠰᠢᠯᠭᠠᠭᠤᠯᠬᠤ ᠦᠨᠡᠮᠯᠡᠯ ᠢᠶᠠᠨ ᠥᠪᠡᠷ ᠢᠶᠠᠨ ᠳᠠᠷᠤᠮᠠᠯᠯᠠᠨ᠎ᠠ ᠃ | ᠲᠠᠪᠤ ᠂ ᠰᠢᠯᠭᠠᠯᠲᠠ ᠶᠢᠨ ᠠᠭᠤᠯᠭ᠎ᠠ | ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ | ᠰᠢᠯᠭᠠᠯᠲᠠ ᠶᠢᠨ ᠠᠭᠤᠯᠭ᠎ᠠ ᠳᠤ ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ ᠪᠣᠯᠤᠨ ᠬᠠᠮᠢᠶᠠᠷᠤᠯᠲᠠ ᠶᠢᠨ | ᠴᠢᠳᠠᠪᠤᠷᠢ ᠬᠤᠶᠠᠷ ᠬᠡᠰᠡᠭ ᠪᠠᠭᠲᠠᠨ᠎ᠠ ᠃ | ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ ᠳᠤ᠄ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ | ᠦᠨᠳᠦᠰᠦᠨ ᠴᠢᠭᠯᠡᠯᠲᠡ ᠲᠥᠷᠥ ᠶᠢᠨ ᠪᠣᠳᠣᠯᠭ᠎ᠠ ᠂ ᠠᠶᠤᠯ ᠦᠭᠡᠶ ᠦᠢᠯᠡᠳᠪᠦᠷᠢᠯᠡᠯ ᠤᠨ ᠲᠠᠯ᠎ᠠ ᠶᠢᠨ ᠬᠠᠤᠯᠢ ᠴᠠᠭᠠᠵᠠ | ᠬᠠᠤᠯᠢ ᠲᠣᠭᠲᠠᠭᠠᠯ ᠂ ᠤᠯᠤᠰ ᠪᠣᠯᠤᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠦᠭᠡᠶ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠶᠤᠯ ᠦᠭᠡᠶ ᠦᠢᠯᠡᠳᠪᠦᠷᠢᠯᠡᠯ ᠤᠨ | ᠮᠡᠷᠭᠡᠵᠢᠯ ᠵᠡᠷᠭᠡ ᠪᠠᠭᠲᠠᠨ᠎ᠠ ᠃ | ᠬᠠᠮᠢᠶᠠᠷᠤᠯᠲᠠ ᠶᠢᠨ ᠴᠢᠳᠠᠪᠤᠷᠢ ᠳᠤ᠄ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠵᠤ ᠦᠨᠡᠯᠡᠨ ᠵᠢᠱᠢᠬᠦ | ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠂ ᠠᠳᠡᠯ ᠢ | ᠮᠡᠳᠡᠭᠦᠯᠬᠦ ᠪᠠ ᠰᠢᠢᠳᠪᠦᠷᠢᠯᠡᠬᠦ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠠᠶᠤᠯ ᠦᠭᠡᠶ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ ᠃ | ᠰᠢᠯᠭᠠᠯᠲᠠ ᠶᠢᠨ ᠲᠥᠷᠥᠯ ᠵᠦᠢᠯ ᠪᠣᠯ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠪᠣᠯ ᠭᠤᠤᠯᠳᠠᠭᠤ ᠬᠥᠮᠦᠨ ᠲᠥᠷᠥᠯᠬᠢᠲᠡᠨ ᠂ ᠲᠥᠷᠥᠯ ᠵᠦᠢᠯ ᠢ | ᠬᠠᠷᠢᠭᠤᠴᠠᠵᠤ ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠤ ᠲᠥᠷᠥᠯ ᠭᠤᠷᠪᠠᠨ ᠲᠥᠷᠥᠯ ᠪᠣᠯᠤᠨ᠎ᠠ ᠃ | ᠲᠣᠰ ᠤᠳᠠᠭᠠᠨ ᠤ ᠰᠢᠯᠭᠠᠯᠲᠠ ᠶᠢᠨ 80% ᠶᠢᠨ ᠰᠡᠳᠦᠪ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ | ᠰᠡᠳᠦᠪ ᠤᠨ ᠬᠥᠮᠥᠷᠭᠡ ᠠᠴᠠ ᠰᠣᠩᠭᠤᠨ ᠠᠪᠤᠨ᠎ᠠ ᠃ | ᠵᠢᠷᠭᠤᠭ᠎ᠠ ᠂ ᠰᠢᠯᠭᠠᠯᠲᠠ ᠶᠢᠨ ᠬᠡᠯᠪᠡᠷᠢ ᠵᠢᠴᠢ ᠰᠡᠳᠦᠪ ᠤᠨ ᠬᠡᠯᠪᠡᠷᠢ | ᠠᠶᠤᠯ ᠦᠬᠡᠢ ᠦᠢᠯᠡᠳᠪᠦᠷᠢᠯᠡᠯ ᠤᠨ ᠰᠢᠯᠭᠠᠯᠳᠠ ᠳᠤ ᠺᠤᠮᠫᠢᠦ᠋ᠲ᠋ᠧᠷ ᠤᠨ ᠰᠢᠯᠭᠠᠯᠳᠠ ᠶᠢᠨ ᠠᠷᠭ᠎ᠠ ᠶᠢ | ᠬᠡᠷᠡᠭᠯᠡᠵᠦ ᠂ ᠰᠢᠯᠭᠠᠯᠳᠠ ᠶᠢᠨ ᠴᠠᠭ ᠨᠢ 150 ᠮᠢᠨᠦ᠋ᠲ ᠪᠤᠯᠤᠨ᠎ᠠ ᠃ ᠰᠢᠯᠭᠠᠯᠲᠠ ᠳᠤ ᠪᠦᠷᠢᠨ ᠬᠤᠪᠢ ᠨᠢ 100 | ᠬᠤᠪᠢ ᠂ 60 ᠬᠤᠪᠢ ᠶᠢᠨ ᠬᠢᠷᠢ ᠲᠡᠩᠴᠡᠭᠰᠡᠨ ᠬᠢᠷᠢ ᠪᠦᠲᠦᠮᠵᠢ ᠠᠴᠠ ᠳᠣᠣᠷ᠎ᠠ ᠪᠠᠶᠢᠵᠤ ᠪᠣᠯᠬᠤ ᠦᠭᠡᠢ ᠃ | ᠰᠢᠯᠭᠠᠯᠲᠠ ᠶᠢᠨ ᠬᠠᠭᠤᠳᠠᠰᠤ ᠶᠢᠨ ᠰᠡᠳᠦᠪ ᠲᠤ ᠭᠠᠭᠴᠠ ᠰᠣᠩᠭᠤᠬᠤ ᠰᠡᠳᠦᠪ ᠂ ᠣᠯᠠᠨ ᠰᠣᠩᠭᠤᠬᠤ ᠰᠡᠳᠦᠪ ᠪᠠ | ᠮᠠᠭᠠᠳᠯᠠᠬᠤ ᠰᠡᠳᠦᠪ ᠵᠡᠷᠭᠡ ᠰᠡᠳᠦᠪ ᠪᠠᠭᠲᠠᠨ᠎ᠠ ᠃ ᠬᠢᠷᠢ ᠲᠡᠩᠴᠡᠭᠰᠡᠨ ᠬᠥᠮᠦᠰ ᠢ ᠵᠠᠷᠯᠠᠨ ᠨᠡᠶᠢᠲᠡᠯᠡᠵᠦ | ᠳᠠᠭᠤᠰᠤᠭᠰᠠᠨ ᠤ ᠳᠠᠷᠠᠭ᠎ᠠ ᠂ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ ᠃ | ᠳᠣᠯᠤᠭ᠎ᠠ ᠂ ᠰᠢᠯᠭᠠᠯᠲᠠ ᠳᠤ ᠨᠡᠷ᠎ᠡ ᠮᠡᠳᠡᠭᠦᠯᠬᠦ ᠳᠤ ᠮᠡᠳᠡᠬᠦ ᠴᠢᠬᠤᠯᠠᠲᠠᠢ ᠵᠦᠢᠯ | ︵ᠨᠢᠭᠡ︶ ᠰᠦᠢᠳᠬᠡᠯ ᠬᠤᠷᠢᠶᠠᠬᠤ ᠦᠭᠡᠢ ᠪᠠᠷ ᠨᠡᠷ᠎ᠡ ᠮᠡᠳᠡᠭᠦᠯᠦᠨ᠎ᠡ ᠂ ᠰᠢᠯᠭᠠᠭᠤᠯᠤᠭᠴᠢ ᠵᠥᠪᠬᠡᠨ ᠨᠢᠭᠡ | ᠲᠦᠷᠦᠯ ᠢᠶᠠᠷ ᠨᠡᠷ᠎ᠡ ᠮᠡᠳᠡᠭᠦᠯᠬᠦ ᠳᠤ ᠣᠷᠣᠯᠴᠠᠵᠤ ᠂ ᠤᠯᠠᠨ ᠲᠦᠷᠦᠯ ᠢᠶᠠᠷ ᠨᠡᠷ᠎ᠡ ᠮᠡᠳᠡᠭᠦᠯᠬᠦ ᠶᠢ ᠴᠠᠭᠠᠵᠠᠯᠠᠨ᠎ᠠ ᠃ | ︵ᠬᠤᠶᠠᠷ︶ ᠰᠢᠯᠭᠠᠭᠤᠯᠤᠭᠰᠠᠳ ᠰᠢᠯᠭᠠᠯᠲᠠ ᠶᠢᠨ ᠶᠠᠪᠤᠴᠠ ᠳᠤ ᠰᠠᠬᠢᠯᠭ᠎ᠠ ᠪᠠᠲᠤ ᠪᠠ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ ᠂ ᠰᠢᠯᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ ᠃ | ︵ᠭᠤᠷᠪᠠ︶ ᠣᠯᠠᠨ ᠨᠡᠶᠢᠲᠡ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠲᠥᠯᠥᠭᠡ ᠂ | ᠰᠢᠯᠭᠠᠭᠤᠯᠤᠭᠴᠢ ᠰᠢᠯᠭᠠᠯᠲᠠ ᠶᠢᠨ ᠲᠣᠬᠢᠷᠠᠭᠤᠯᠤᠯᠲᠠ ᠶᠣᠰᠣᠭᠠᠷ ᠰᠢᠯᠭᠠᠯᠲᠠ ᠳᠤ ᠣᠷᠣᠯᠴᠠᠬᠤ ᠬᠡᠷᠡᠭᠲᠡᠶ ᠂ ᠤᠴᠢᠷ | ᠰᠢᠯᠲᠠᠭᠠᠨ ᠥᠬᠡᠶ ᠪᠠᠷ ᠰᠢᠯᠭᠠᠯᠲᠠ ᠠᠴᠠ ᠳᠤᠲᠠᠭᠤ ᠪᠠᠶᠢᠵᠤ ᠪᠣᠯᠬᠤ ᠥᠬᠡᠶ ᠂ ᠤᠴᠢᠷ ᠰᠢᠯᠲᠠᠭᠠᠨ ᠥᠬᠡᠶ ᠪᠠᠷ | ᠰᠢᠯᠭᠠᠯᠲᠠ ᠠᠴᠠ ᠳᠤᠲᠠᠭᠤ ᠬᠥᠮᠦᠰ ᠲᠠᠷᠠᠭᠠᠴᠢ ᠶᠢᠨ ᠪᠦᠯᠦᠭ ᠤᠳᠠᠭ᠎ᠠ ᠶᠢᠨ ᠰᠢᠯᠭᠠᠯᠲᠠ ᠶᠢ ᠬᠢᠵᠠᠭᠠᠷᠯᠠᠬᠤ | ᠪᠣᠯᠤᠨ᠎ᠠ ᠃ | ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ᠄ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ | ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ᠄ ᠳ᠋ᠦᠩ ᠢᠦᠶ ᠯᠢᠶᠠᠩ ︵0471︶ 5259449 | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠶᠯᠡᠴᠢᠯᠡᠭᠡᠨ ᠤ ᠲᠥᠪ᠄ ᠶᠠᠩ ᠢᠦᠶ | ᠬᠤᠸᠠ ︵0471︶ 5259319 | | 2025 ᠣᠨ ᠤ 5 ᠳ᠋ᠤᠭᠠᠷ ᠰᠠᠷ᠎ᠠ ᠶᠢᠨ 19 ᠤ ᠡᠳᠦᠷ | |