ᠣᠶᠢᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ | ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ | ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ︵ᠳᠣᠷᠣᠭᠰᠢ ︽ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠢ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ ᠃ | ᠮᠡᠳᠡᠭᠳᠡᠯ ᠳᠤ ᠂ ︽ᠳᠦᠷᠢᠮ︾ ᠳᠤ ᠵᠠᠰᠠᠪᠤᠷᠢ ᠣᠷᠣᠭᠤᠯᠬᠤ ᠳᠠᠭᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠨᠠᠮ ᠵᠠᠰᠠᠭ ᠤᠨ ᠪᠠᠶᠢᠭᠤᠯᠭ᠎ᠠ ᠶᠢᠨ ᠵᠠᠷᠤᠳᠠᠯ ᠤᠨ ᠬᠠᠮᠢᠶᠠᠷᠤᠯᠲᠠ ᠂ | ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠂ ᠠᠯᠪᠠᠨ ᠶᠠᠪᠤᠳᠠᠯ ᠢᠶᠠᠷ ᠲᠦᠷ ᠴᠠᠭ | ᠭᠠᠳᠠᠭᠠᠳᠤ ᠳᠤ ︵ᠬᠢᠯᠢ︶ ᠭᠠᠷᠬᠤ ᠂ ᠠᠯᠪᠠᠨ ᠶᠠᠪᠤᠳᠠᠯ ᠤᠨ ᠵᠣᠴᠢᠯᠠᠯᠭ᠎ᠠ ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠂ | ᠬᠤᠷᠠᠯ ᠤᠨ ᠠᠵᠢᠯᠯᠠᠭ᠎ᠠ ᠂ ᠠᠯᠪᠠᠯᠠᠬᠤ ᠳᠤ ᠬᠡᠷᠡᠭᠯᠡᠬᠦ ᠭᠡᠷ ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠴᠠᠭ | ᠦᠶ᠎ᠡ ᠶᠢ ᠲᠠᠭᠠᠨ ᠲᠡᠭᠦᠯᠳᠡᠷᠵᠢᠭᠦᠯᠵᠦ ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠂ | ᠪᠦᠷᠢᠯᠭᠡᠨ ᠰᠦᠢᠳᠬᠡᠬᠦ ᠶᠢ ᠲᠡᠪᠴᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠨᠠᠮ ᠵᠠᠰᠠᠭ ᠤᠨ ᠪᠠᠶᠢᠭᠤᠯᠭ᠎ᠠ | ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠳᠦᠷᠢᠮ ᠤᠨ ᠱᠤᠷᠠᠭ ᠢ ᠤᠯᠠᠮ ᠨᠢᠭᠡ ᠠᠯᠬᠤᠮ ᠴᠢᠩᠭᠠᠯᠠᠵᠤ ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠂ ︽ ᠲᠦᠷᠪᠡᠨ ᠰᠤᠷᠲᠠᠯ ︾ ᠢ | ᠦᠷᠭᠦᠯᠵᠢᠯᠡᠨ ᠵᠠᠯᠠᠷᠠᠭᠤᠯᠤᠨ ᠴᠡᠭᠴᠡᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃ | ᠮᠡᠳᠡᠭᠳᠡᠯ ᠳᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠲᠠᠯ ᠤᠨ ᠪᠠᠶᠢᠭᠤᠯᠤᠯᠲᠠ | ᠨᠠᠮ ᠤᠨ ᠳᠦᠷᠢ ᠲᠥᠷᠬᠦ ᠳᠤ ᠬᠤᠯᠪᠣᠭᠳᠠᠬᠤ ᠂ ᠬᠥᠮᠥᠨ ᠤ ᠰᠡᠳᠬᠢᠯ ᠤᠨ ᠬᠠᠨᠳᠤᠰᠢ ᠲᠠᠢ ᠬᠤᠯᠪᠣᠭᠳᠠᠬᠤ ᠂ ᠨᠠᠮ | ᠪᠣᠯᠣᠨ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠳᠤ ᠬᠤᠯᠪᠣᠭᠳᠠᠬᠤ ᠤᠯᠤᠰ ᠲᠥᠷᠥ ᠶᠢᠨ | ᠥᠨᠳᠥᠷᠴᠡ ᠠᠴᠠ ︽ ᠳᠦᠷᠢᠮ ︾ ᠢ ᠰᠣᠷᠣᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ | ᠰᠠᠶᠢᠲᠤᠷ ᠠᠳᠬᠤᠵᠤ ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠤᠨ ︽ | ᠳᠦᠷᠢᠮ ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠵᠤ ᠂ ︽ ᠳᠦᠷᠢᠮ ︾ ᠤᠨ ᠡᠯ᠎ᠡ ᠵᠦᠢᠯ ᠤᠨ | ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ ᠨᠢ ᠢᠴᠢᠭᠦᠷᠢᠲᠡᠢ ᠂ ᠠᠷᠪᠢᠯᠠᠨ | ᠭᠠᠮᠨᠠᠬᠤ ᠨᠢ ᠢᠷᠠᠭᠤ ᠠᠯᠳᠠᠷᠲᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠬᠤ | ᠬᠡᠷᠡᠭᠲᠡᠢ ᠭᠡᠵᠦ ᠱᠠᠭᠠᠷᠳᠠᠪᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ ᠳᠦᠷᠢᠮ ︾ ᠢ | ᠬᠡᠷᠡᠭᠵᠢᠭᠦᠯᠬᠦ ᠳᠤᠮᠳᠠᠬᠢ ᠴᠢᠬᠤᠯᠠ ᠪᠠᠶᠢᠳᠠᠯ ᠪᠣᠯᠣᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ | ᠬᠤᠷᠢᠶ᠎ᠠ ᠂ ᠲᠦᠷᠤ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠃ | |