ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠵᠢᠴᠢ ᠨᠡᠷ᠎ᠡ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/5/19
ᠡᠯ᠎ᠡ ᠬᠤᠯᠪᠣᠭᠳᠠᠯ ᠪᠦᠬᠦᠢ ᠨᠢᠭᠡᠴᠢ᠄  ︽2025 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠶᠢᠨ ᠲᠥᠯᠥᠪᠯᠡᠭᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤᠨ ᠲᠡᠭᠡᠭᠡᠪᠦᠷᠢ ᠬᠠᠮᠢᠶᠠᠷᠤᠯᠲᠠ ﹇2025﹈ 10 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠂ ᠣᠲᠣ 2025 ᠣᠨ ᠤ ᠨᠢᠭᠡᠳᠦᠭᠡᠷ ᠪᠦᠯᠦᠭ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ︽ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠭᠡᠵᠦ ᠲᠣᠪᠴᠢᠯᠠᠨ᠎ᠠ︶ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ ᠃  ᠨᠢᠭᠡ ᠂ ᠨᠡᠷ᠎ᠡ ᠮᠡᠳᠡᠭᠦᠯᠬᠦ ᠴᠠᠭ  2025 ᠣᠨ ᠤ 5 ᠳ᠋ᠤᠭᠠᠷ ᠰᠠᠷ᠎ᠠ ᠶᠢᠨ 19 ᠤ ᠡᠳᠦᠷ ᠠᠴᠠ 5 ᠳ᠋ᠤᠭᠠᠷ ᠰᠠᠷ᠎ᠠ ᠶᠢᠨ 30 ᠤ ᠡᠳᠦᠷ  ᠬᠤᠶᠠᠷ ᠂ ᠨᠡᠷ᠎ᠡ ᠮᠡᠳᠡᠭᠦᠯᠬᠦ ᠬᠡᠪᠴᠢᠶ᠎ᠡ ᠵᠢᠴᠢ ᠠᠷᠭ᠎ᠠ ᠮᠠᠶ᠋ᠢᠭ  1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵A ᠲᠥᠷᠥᠯ︶ ᠂ ᠲᠥᠷᠥᠯ ᠵᠦᠢᠯ ᠤᠨ ᠬᠠᠷᠢᠭᠤᠴᠠᠯᠭᠠᠲᠠᠨ ︵B ᠲᠥᠷᠥᠯ︶ ᠂ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠬᠠᠮᠢᠶᠠᠷᠤᠯᠲᠠ ᠶᠢᠨ ᠠᠵᠢᠯᠲᠠᠨ ︵C ᠲᠥᠷᠥᠯ︶ ᠤ ᠦᠨᠡᠮᠯᠡᠯ ᠤᠨ ᠬᠠᠮᠢᠶ᠎ᠠ ᠪᠥᠬᠦᠶ ᠠᠵᠢᠯ ᠡᠷᠭᠢᠯᠡᠭᠰᠡᠳ ᠢ ᠰᠢᠨ᠎ᠡ ᠪᠠᠷ ᠭᠤᠶᠤᠴᠢᠯᠠᠨ᠎ᠠ ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ ᠢ ᠦᠷᠭᠦᠯᠵᠢᠯᠡᠭᠦᠯᠬᠦ ᠬᠥᠮᠥᠨ ᠲᠤᠰ ᠤᠳᠠᠭᠠᠨ ᠤ ᠰᠢᠯᠭᠠᠯᠲᠠ ᠳᠤ ᠣᠷᠣᠯᠴᠠᠵᠤ ᠪᠣᠯᠬᠤ ᠦᠭᠡᠢ ᠃  2. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠬᠡᠷᠡᠭᠯᠡᠨ᠎ᠡ ᠃ https://c.exam-sp.com/nmgcc ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ ᠂ ᠲᠤᠬᠠᠢ ᠶᠢᠨ ᠭᠠᠵᠠᠷ ᠲᠤ ᠬᠦᠷᠴᠦ ᠨᠡᠷ᠎ᠡ ᠮᠡᠳᠡᠭᠦᠯᠬᠦ ᠶᠢ ᠬᠦᠯᠢᠶᠡᠬᠦ ᠦᠬᠡᠢ ᠂ ᠤᠲᠠᠰᠤ ᠪᠤᠶᠤ ᠰᠢᠤᠳᠠᠨ ᠤ ᠮᠠᠲ᠋ᠧᠷᠢᠶᠠᠯ ᠵᠡᠷᠭᠡ ᠪᠤᠰᠤᠳ ᠬᠡᠯᠪᠡᠷᠢ ᠪᠠᠷ ᠨᠡᠷ᠎ᠡ ᠮᠡᠳᠡᠭᠦᠯᠦᠨ᠎ᠡ ᠃ ᠨᠡᠷ᠎ᠡ ᠮᠡᠳᠡᠭᠦᠯᠬᠦ ᠰᠢᠰᠲ᠋ᠧᠮ ᠳᠤ ᠭᠤᠶᠤᠴᠢᠯᠠᠭᠴᠢ ᠶᠢᠨ ᠣᠪᠣᠭ ᠨᠡᠷ᠎ᠡ ᠂ ᠪᠡᠶ᠎ᠡ ᠶᠢᠨ ᠦᠨᠡᠮᠯᠡᠯ ᠤᠨ ᠨᠣᠮᠧᠷ ᠂ ᠲᠥᠷᠥᠯ ᠢᠯᠭᠠᠯ ᠭᠤᠶᠤᠴᠢᠯᠠᠬᠤ ᠪᠠ ᠣᠶᠢᠷ᠎ᠠ ᠶᠢᠨ ᠬᠤᠭᠤᠴᠠᠭᠠᠨ ᠤ ᠡᠯᠧᠺᠲᠷᠣᠨ ᠬᠡᠷᠡᠯ ᠵᠢᠷᠤᠭ ᠵᠡᠷᠭᠡ ᠮᠡᠳᠡᠭᠡ ᠵᠠᠩᠭᠢ ᠶᠢ ᠣᠷᠣᠭᠤᠯᠬᠤ ᠴᠢᠬᠤᠯᠠᠲᠠᠶ ᠂ ᠡᠷᠬᠡᠪᠰᠢ ᠵᠥᠪ ᠣᠨᠣᠪᠴᠢᠲᠠᠶ ᠲᠠᠭᠯᠠᠨ ᠪᠢᠴᠢᠬᠦ ᠬᠡᠷᠡᠭᠲᠡᠶ ᠃  ᠭᠤᠷᠪᠠ ᠂ ᠰᠢᠯᠭᠠᠬᠤ ᠴᠠᠭ ᠵᠢᠴᠢ ᠭᠠᠵᠠᠷ  ᠰᠢᠯᠭᠠᠯᠲᠠ ᠶᠢᠨ ᠴᠠᠭ᠄ 2025 ᠣᠨ ᠤ 6 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ 9᠄ 00 — 11᠄ 30 ᠴᠠᠭ  ᠰᠢᠯᠭᠠᠯᠲᠠ ᠶᠢᠨ ᠭᠠᠵᠠᠷ᠄ ᠬᠥᠬᠡᠬᠤᠲᠠ  ᠳᠥᠷᠪᠡ ᠂ ᠰᠢᠯᠭᠠᠭᠤᠯᠬᠤ ᠦᠨᠡᠮᠯᠡᠯ ᠢ ᠪᠠᠭᠤᠯᠭᠠᠵᠤ ᠳᠠᠷᠤᠮᠠᠯᠯᠠᠨ᠎ᠠ  ᠰᠢᠯᠭᠠᠭᠤᠯᠤᠭᠴᠢ ᠬᠤᠪᠢ ᠬᠥᠮᠦᠨ 2025 ᠣᠨ ᠤ 6 ᠳ᠋ᠤᠭᠠᠷ ᠰᠠᠷ᠎ᠠ ᠶᠢᠨ 4 ᠤ ᠡᠳᠦᠷ ᠤᠨ 9᠄ 00 ᠴᠠᠭ ᠠᠴᠠ 6 ᠳ᠋ᠤᠭᠠᠷ ᠰᠠᠷ᠎ᠠ ᠶᠢᠨ 11 ᠤ ᠡᠳᠦᠷ ᠤᠨ 9᠄ 00 ᠴᠠᠭ ᠲᠤ https://c.exam-sp.com/nmgcc ᠰᠦᠯᠵᠢᠶᠡᠨ ᠳᠤ ᠭᠠᠷᠴᠦ ᠰᠢᠯᠭᠠᠭᠤᠯᠬᠤ ᠦᠨᠡᠮᠯᠡᠯ ᠢᠶᠠᠨ ᠥᠪᠡᠷ ᠢᠶᠠᠨ ᠳᠠᠷᠤᠮᠠᠯᠯᠠᠨ᠎ᠠ ᠃  ᠲᠠᠪᠤ ᠂ ᠰᠢᠯᠭᠠᠯᠲᠠ ᠶᠢᠨ ᠠᠭᠤᠯᠭ᠎ᠠ  ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠰᠢᠯᠭᠠᠯᠲᠠ ᠶᠢᠨ ᠠᠭᠤᠯᠭ᠎ᠠ ᠳᠤ ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ ᠪᠣᠯᠤᠨ ᠬᠠᠮᠢᠶᠠᠷᠤᠯᠲᠠ ᠶᠢᠨ ᠴᠢᠳᠠᠪᠤᠷᠢ ᠬᠤᠶᠠᠷ ᠬᠡᠰᠡᠭ ᠪᠠᠭᠲᠠᠨ᠎ᠠ ᠃  ᠠᠶᠤᠯ ᠦᠭᠡᠶ ᠦᠢᠯᠡᠳᠪᠦᠷᠢᠯᠡᠯ ᠤᠨ ᠮᠡᠳᠡᠯᠭᠡ ᠳᠤ᠄ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠦᠨᠳᠦᠰᠦᠨ ᠴᠢᠭᠯᠡᠯᠲᠡ ᠲᠥᠷᠥ ᠶᠢᠨ ᠪᠣᠳᠣᠯᠭ᠎ᠠ ᠂ ᠠᠶᠤᠯ ᠦᠭᠡᠶ ᠦᠢᠯᠡᠳᠪᠦᠷᠢᠯᠡᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠂ ᠤᠯᠤᠰ ᠪᠣᠯᠤᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠶᠤᠯ ᠦᠭᠡᠶ ᠦᠢᠯᠡᠳᠪᠦᠷᠢᠯᠡᠯ ᠤᠨ ᠮᠡᠷᠭᠡᠵᠢᠯ ᠵᠡᠷᠭᠡ ᠪᠠᠭᠲᠠᠨ᠎ᠠ ᠃  ᠬᠠᠮᠢᠶᠠᠷᠤᠯᠲᠠ ᠶᠢᠨ ᠴᠢᠳᠠᠪᠤᠷᠢ ᠳᠤ᠄ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠵᠤ ᠦᠨᠡᠯᠡᠨ ᠵᠢᠱᠢᠬᠦ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠂ ᠠᠳᠡᠯ ᠢ ᠮᠡᠳᠡᠭᠦᠯᠬᠦ ᠪᠠ ᠰᠢᠢᠳᠪᠦᠷᠢᠯᠡᠬᠦ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠠᠶᠤᠯ ᠦᠭᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ ᠃  ᠰᠢᠯᠭᠠᠯᠲᠠ ᠶᠢᠨ ᠲᠥᠷᠥᠯ ᠵᠦᠢᠯ ᠪᠣᠯ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠪᠣᠯ ᠭᠤᠤᠯᠳᠠᠭᠤ ᠬᠥᠮᠦᠨ ᠲᠥᠷᠥᠯᠬᠢᠲᠡᠨ ᠂ ᠲᠥᠷᠥᠯ ᠵᠦᠢᠯ ᠢ ᠬᠠᠷᠢᠭᠤᠴᠠᠵᠤ ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠲᠥᠷᠥᠯ ᠭᠤᠷᠪᠠᠨ ᠲᠥᠷᠥᠯ ᠪᠣᠯᠤᠨ᠎ᠠ ᠃  ᠲᠣᠰ ᠤᠳᠠᠭᠠᠨ ᠤ ᠰᠢᠯᠭᠠᠯᠲᠠ ᠶᠢᠨ 80% ᠶᠢᠨ ᠰᠡᠳᠦᠪ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ ᠰᠡᠳᠦᠪ ᠤᠨ ᠬᠥᠮᠥᠷᠭᠡ ᠠᠴᠠ ᠰᠣᠩᠭᠤᠨ ᠠᠪᠤᠨ᠎ᠠ ᠃  ᠵᠢᠷᠭᠤᠭ᠎ᠠ ᠂ ᠰᠢᠯᠭᠠᠯᠲᠠ ᠶᠢᠨ ᠬᠡᠯᠪᠡᠷᠢ ᠵᠢᠴᠢ ᠰᠡᠳᠦᠪ ᠤᠨ ᠬᠡᠯᠪᠡᠷᠢ  ᠠᠶᠤᠯ ᠦᠬᠡᠢ ᠦᠢᠯᠡᠳᠪᠦᠷᠢᠯᠡᠯ ᠤᠨ ᠰᠢᠯᠭᠠᠯᠳᠠ ᠳᠤ ᠺᠤᠮᠫᠢᠦ᠋ᠲ᠋ᠧᠷ ᠤᠨ ᠰᠢᠯᠭᠠᠯᠳᠠ ᠶᠢᠨ ᠠᠷᠭ᠎ᠠ ᠶᠢ ᠬᠡᠷᠡᠭᠯᠡᠵᠦ ᠂ ᠰᠢᠯᠭᠠᠯᠳᠠ ᠶᠢᠨ ᠴᠠᠭ ᠨᠢ 150 ᠮᠢᠨᠦ᠋ᠲ ᠪᠤᠯᠤᠨ᠎ᠠ ᠃ ᠰᠢᠯᠭᠠᠯᠲᠠ ᠳᠤ ᠪᠦᠷᠢᠨ ᠬᠤᠪᠢ ᠨᠢ 100 ᠬᠤᠪᠢ ᠂ 60 ᠬᠤᠪᠢ ᠶᠢᠨ ᠬᠢᠷᠢ ᠲᠡᠩᠴᠡᠭᠰᠡᠨ ᠬᠢᠷᠢ ᠪᠦᠲᠦᠮᠵᠢ ᠠᠴᠠ ᠳᠣᠣᠷ᠎ᠠ ᠪᠠᠶᠢᠵᠤ ᠪᠣᠯᠬᠤ ᠦᠭᠡᠢ ᠃ ᠰᠢᠯᠭᠠᠯᠲᠠ ᠶᠢᠨ ᠬᠠᠭᠤᠳᠠᠰᠤ ᠶᠢᠨ ᠰᠡᠳᠦᠪ ᠲᠤ ᠭᠠᠭᠴᠠ ᠰᠣᠩᠭᠤᠬᠤ ᠰᠡᠳᠦᠪ ᠂ ᠣᠯᠠᠨ ᠰᠣᠩᠭᠤᠬᠤ ᠰᠡᠳᠦᠪ ᠪᠠ ᠮᠠᠭᠠᠳᠯᠠᠬᠤ ᠰᠡᠳᠦᠪ ᠵᠡᠷᠭᠡ ᠰᠡᠳᠦᠪ ᠪᠠᠭᠲᠠᠨ᠎ᠠ ᠃ ᠬᠢᠷᠢ ᠲᠡᠩᠴᠡᠭᠰᠡᠨ ᠬᠥᠮᠦᠰ ᠢ ᠵᠠᠷᠯᠠᠨ ᠨᠡᠶᠢᠲᠡᠯᠡᠵᠦ ᠳᠠᠭᠤᠰᠤᠭᠰᠠᠨ ᠤ ᠳᠠᠷᠠᠭ᠎ᠠ ᠂ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ ᠃  ᠳᠣᠯᠤᠭ᠎ᠠ ᠂ ᠰᠢᠯᠭᠠᠯᠲᠠ ᠳᠤ ᠨᠡᠷ᠎ᠡ ᠮᠡᠳᠡᠭᠦᠯᠬᠦ ᠳᠤ ᠮᠡᠳᠡᠬᠦ ᠴᠢᠬᠤᠯᠠᠲᠠᠢ ᠵᠦᠢᠯ  ︵ᠨᠢᠭᠡ︶ ᠰᠦᠢᠳᠬᠡᠯ ᠬᠤᠷᠢᠶᠠᠬᠤ ᠦᠭᠡᠢ ᠪᠠᠷ ᠨᠡᠷ᠎ᠡ ᠮᠡᠳᠡᠭᠦᠯᠦᠨ᠎ᠡ ᠂ ᠰᠢᠯᠭᠠᠭᠤᠯᠤᠭᠴᠢ ᠵᠥᠪᠬᠡᠨ ᠨᠢᠭᠡ ᠲᠦᠷᠦᠯ ᠢᠶᠠᠷ ᠨᠡᠷ᠎ᠡ ᠮᠡᠳᠡᠭᠦᠯᠬᠦ ᠳᠤ ᠣᠷᠣᠯᠴᠠᠵᠤ ᠂ ᠤᠯᠠᠨ ᠲᠦᠷᠦᠯ ᠢᠶᠠᠷ ᠨᠡᠷ᠎ᠡ ᠮᠡᠳᠡᠭᠦᠯᠬᠦ ᠶᠢ ᠴᠠᠭᠠᠵᠠᠯᠠᠨ᠎ᠠ ᠃  ︵ᠬᠤᠶᠠᠷ︶ ᠰᠢᠯᠭᠠᠭᠤᠯᠤᠭᠰᠠᠳ ᠰᠢᠯᠭᠠᠯᠲᠠ ᠶᠢᠨ ᠶᠠᠪᠤᠴᠠ ᠳᠤ ᠰᠠᠬᠢᠯᠭ᠎ᠠ ᠪᠠᠲᠤ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ ᠂ ᠰᠢᠯᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ ᠃  ︵ᠭᠤᠷᠪᠠ︶ ᠣᠯᠠᠨ ᠨᠡᠶᠢᠲᠡ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠲᠥᠯᠥᠭᠡ ᠂ ᠰᠢᠯᠭᠠᠭᠤᠯᠤᠭᠴᠢ ᠰᠢᠯᠭᠠᠯᠲᠠ ᠶᠢᠨ ᠲᠣᠬᠢᠷᠠᠭᠤᠯᠤᠯᠲᠠ ᠶᠣᠰᠣᠭᠠᠷ ᠰᠢᠯᠭᠠᠯᠲᠠ ᠳᠤ ᠣᠷᠣᠯᠴᠠᠬᠤ ᠬᠡᠷᠡᠭᠲᠡᠶ ᠂ ᠤᠴᠢᠷ ᠰᠢᠯᠲᠠᠭᠠᠨ ᠥᠬᠡᠶ ᠪᠠᠷ ᠰᠢᠯᠭᠠᠯᠲᠠ ᠠᠴᠠ ᠳᠤᠲᠠᠭᠤ ᠪᠠᠶᠢᠵᠤ ᠪᠣᠯᠬᠤ ᠥᠬᠡᠶ ᠂ ᠤᠴᠢᠷ ᠰᠢᠯᠲᠠᠭᠠᠨ ᠥᠬᠡᠶ ᠪᠠᠷ ᠰᠢᠯᠭᠠᠯᠲᠠ ᠠᠴᠠ ᠳᠤᠲᠠᠭᠤ ᠬᠥᠮᠦᠰ ᠲᠠᠷᠠᠭᠠᠴᠢ ᠶᠢᠨ ᠪᠦᠯᠦᠭ ᠤᠳᠠᠭ᠎ᠠ ᠶᠢᠨ ᠰᠢᠯᠭᠠᠯᠲᠠ ᠶᠢ ᠬᠢᠵᠠᠭᠠᠷᠯᠠᠬᠤ ᠪᠣᠯᠤᠨ᠎ᠠ ᠃  ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ᠄  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ᠄ ᠳ᠋ᠦᠩ ᠢᠦᠶ ᠯᠢᠶᠠᠩ ︵0471︶ 5259449  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠶᠯᠡᠴᠢᠯᠡᠭᠡᠨ ᠤ ᠲᠥᠪ᠄ ᠶᠠᠩ ᠢᠦᠶ ᠬᠤᠸᠠ ︵0471︶ 5259319                2025 ᠣᠨ ᠤ 5 ᠳ᠋ᠤᠭᠠᠷ ᠰᠠᠷ᠎ᠠ ᠶᠢᠨ 19 ᠤ ᠡᠳᠦᠷ            
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号