ᠠᠷᠠᠳ ᠤᠨ ᠡᠳᠦᠷ ᠤᠨ ᠰᠣᠨᠢᠨ᠄ ᠬᠠᠲᠤᠨ ᠭᠤᠣᠯ ᠬᠤᠸᠠᠶ ᠡᠾᠧ ᠂ ᠤᠮᠠᠷᠠᠲᠤ ᠣᠷᠣᠨ ᠤ ᠵᠠᠷᠢᠮ ᠭᠠᠵᠠᠷ ᠲᠤ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠎ᠡ
ᠨᠡᠶᠢᠲᠡᠯᠡᠭᠰᠡᠨ ᠴᠠᠭ᠄
2025/5/19
︽ᠠᠷᠠᠳ ᠤᠨ ᠡᠳᠦᠷ ᠤᠨ ᠰᠣᠨᠢᠨ︾ ︵2025 ᠣᠨ ᠤ 5 ᠳ᠋ᠤᠭᠠᠷ ᠰᠠᠷ᠎ᠠ ᠶᠢᠨ 12 ᠤᠨ ᠡᠳᠦᠷ  14 ᠳ᠋ᠦ᠋ᠭᠡᠷ ᠬᠡᠪᠯᠡᠯ︶  ᠲᠤᠰ ᠮᠡᠳᠡᠭᠡ ᠠᠷᠠᠳ ᠤᠨ ᠡᠳᠦᠷ ᠤᠨ ᠰᠣᠨᠢᠨ ᠤ ᠪᠡᠬᠡᠵᠢᠩ ᠤᠨ 5 ᠳ᠋ᠤᠭᠠᠷ ᠰᠠᠷ᠎ᠠ ᠶᠢᠨ 11 ᠤ ᠡᠳᠦᠷ ᠤᠨ ᠴᠠᠭᠢᠯᠭᠠᠨ ᠮᠡᠲᠡᠭᠡ ︵ᠰᠤᠷᠪᠤᠯᠵᠢᠯᠠᠭᠴᠢ ᠯᠢ ᠬᠤᠩ ᠮᠸᠢ ᠂ ᠸᠠᠩ ᠬᠤᠤ︶ ᠲᠥᠪ ᠤᠨ ᠴᠠᠭ ᠠᠭᠤᠷ ᠤᠨ ᠬᠤᠷᠢᠶ᠎ᠠ ᠵᠢᠱᠢᠯᠲᠡ ᠪᠠᠷ ᠂ 5 ᠳ᠋ᠤᠭᠠᠷ ᠰᠠᠷ᠎ᠠ ᠶᠢᠨ 12 ᠤ ᠡᠳᠦᠷ ᠠᠴᠠ 17 ᠤ ᠡᠳᠦᠷ ᠪᠣᠯᠲᠠᠯ᠎ᠠ ᠂ ᠬᠠᠲᠤᠨ ᠭᠤᠣᠯ ᠬᠤᠸᠠᠢ ᠾᠧ ᠭᠤᠣᠯ ᠤᠨ ᠳᠤᠮᠳᠠ ᠪᠠᠷᠠᠭᠤᠨ ᠬᠡᠰᠡᠭ ᠂ ᠤᠮᠠᠷᠠᠲᠤ ᠣᠷᠣᠨ ᠤ ᠡᠮᠦᠨᠡᠲᠦ ᠬᠡᠰᠡᠭ ᠵᠢᠴᠢ ᠱᠠᠨᠰᠢ ᠮᠣᠵᠢ ᠶᠢᠨ ᠭᠤᠸᠠᠨ ᠵᠦᠩ ᠵᠡᠷᠭᠡ ᠭᠠᠵᠠᠷ ᠲᠤ ᠥᠨᠳᠥᠷ ᠬᠠᠯᠠᠭᠤᠨ ᠠᠭᠤᠷ ᠠᠮᠢᠰᠬᠤᠯ ᠢᠯᠡᠷᠡᠨ᠎ᠡ ᠂ ᠡᠭᠦᠨ ᠳᠤ 16 ᠤ ᠡᠳᠦᠷ ᠠᠴᠠ 17 ᠤ ᠡᠳᠦᠷ ᠪᠣᠯᠲᠠᠯ᠎ᠠ ᠨᠡᠯᠢᠶᠡᠳ ᠶᠡᠭᠡ ᠬᠡᠪᠴᠢᠶᠡᠨ ᠤ 35 ᠭᠷᠠᠳᠦ᠋ᠰ ᠠᠴᠠ ᠳᠡᠭᠡᠭᠰᠢᠬᠢ ᠥᠨᠳᠥᠷ ᠬᠠᠯᠠᠭᠤᠨ ᠠᠭᠤᠷ ᠠᠮᠢᠰᠬᠤᠯ ᠢᠯᠡᠷᠡᠨ᠎ᠡ ᠂ ᠬᠡᠰᠡᠭ ᠭᠠᠵᠠᠷ ᠤᠨ ᠬᠠᠮᠤᠭ ᠥᠨᠳᠥᠷ ᠳᠤᠯᠠᠭᠠᠨ ᠨᠢ 37 ᠭᠷᠠᠳᠦ᠋ᠰ ᠠᠴᠠ ᠳᠡᠭᠡᠭᠰᠢ ᠬᠦᠷᠦᠨ᠎ᠡ ᠃  5 ᠳ᠋ᠤᠭᠠᠷ ᠰᠠᠷ᠎ᠠ ᠶᠢᠨ 12 ᠤ ᠡᠳᠦᠷ ᠠᠴᠠ ᠡᠬᠢᠯᠡᠨ ᠂ ᠾᠧᠨᠠᠨ ᠮᠣᠵᠢ ᠶᠢᠨ ᠠᠨ ᠶᠠᠩ ᠂ ᠵᠢᠶᠣᠤ ᠽᠦᠸᠧ ᠂ ᠰᠢᠨ ᠰᠢᠶᠠᠩ ᠂ ᠯᠦᠸᠧ ᠶᠠᠩ ᠂ ᠵᠧᠩᠵᠸᠤ ᠂ ᠰᠢᠤᠢ ᠴᠠᠩ ᠂ ᠱᠠᠨᠰᠢ ᠶᠢᠨ ᠭᠤᠸᠠᠨ ᠵᠦᠩ ᠂ ᠾᠧᠪᠧᠢ ᠶᠢᠨ ᠬᠠᠨ ᠳ᠋ᠠᠨ ᠂ ᠱᠠᠨ ᠱᠢ ᠶᠢᠨ ᠶᠦᠨ ᠴᠧᠩ ᠂ ᠯᠢᠨ ᠹᠧᠨ ᠵᠡᠷᠭᠡ ᠭᠠᠵᠠᠷ ᠲᠤ ᠬᠦᠨᠳᠦ ᠶᠡᠭᠡ ᠬᠠᠭᠤᠷᠠᠢ ᠬᠠᠯᠠᠭᠤᠨ ᠰᠠᠯᠬᠢ ᠭᠠᠷᠴᠤ ᠂ ᠭᠤᠣᠯᠳᠠᠭᠤ 5 ᠳ᠋ᠤᠭᠠᠷ ᠰᠠᠷ᠎ᠠ ᠶᠢᠨ 12 ᠤ ᠡᠳᠦᠷ ᠂ 15 ᠤ ᠡᠳᠦᠷ ᠠᠴᠠ 17 ᠤ ᠡᠳᠦᠷ ᠪᠣᠯᠲᠠᠯ᠎ᠠ ᠨᠥᠯᠥᠭᠡᠯᠡᠬᠦ ᠪᠣᠯᠤᠨ᠎ᠠ ᠃ 5 ᠳ᠋ᠤᠭᠠᠷ ᠰᠠᠷ᠎ᠠ ᠶᠢᠨ 11 ᠤ ᠡᠳᠦᠷ ᠤᠨ 18 ᠴᠠᠭ ᠲᠤ ᠂ ᠲᠥᠪ ᠤᠨ ᠴᠠᠭ ᠠᠭᠤᠷ ᠤᠨ ᠲᠣᠪᠴᠢᠶᠠᠨ ᠠᠴᠠ ᠴᠠᠭ ᠠᠭᠤᠷ ᠤᠨ ᠭᠠᠩ ᠬᠠᠭᠰᠠᠷᠠᠭᠠᠨ ᠤ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠦᠷᠭᠦᠯᠵᠢᠯᠡᠨ ᠨᠡᠶᠢᠲᠡᠯᠡᠵᠦ ᠂ ᠴᠠᠭ ᠠᠭᠤᠷ ᠤᠨ ᠭᠠᠩ ᠬᠠᠭᠰᠠᠷᠠᠭᠠᠨ ᠤ ᠬᠢᠨᠠᠨ ᠬᠡᠮᠵᠢᠯᠲᠡ ᠶᠢ ᠦᠨᠳᠦᠰᠦᠯᠡᠪᠡᠯ ᠂ ᠱᠠᠨᠰᠢ ᠂ ᠾᠧᠨᠠᠨ ᠵᠡᠷᠭᠡ ᠮᠤᠵᠢ ᠳᠤ ᠬᠦᠨᠳᠦ ᠨᠣᠴᠢᠲᠠᠶ ᠵᠢᠴᠢ ᠲᠡᠭᠦᠨ ᠠᠴᠠ ᠳᠡᠭᠡᠭᠰᠢᠬᠢ ᠴᠠᠭ ᠠᠭᠤᠷ ᠤᠨ ᠭᠠᠩ ᠬᠠᠭᠰᠠᠷᠠᠭᠠᠨ ᠣᠷᠣᠰᠢᠵᠤ ᠪᠠᠶᠢᠨ᠎ᠠ ᠂ ᠡᠭᠦᠨ ᠳᠤ ᠱᠠᠨᠰᠢ ᠶᠢᠨ ᠪᠠᠷᠠᠭᠤᠨ ᠡᠮᠦᠨᠡᠲᠦ ᠬᠡᠰᠡᠭ ᠂ ᠾᠧᠨᠠᠨ ᠤ ᠪᠠᠷᠠᠭᠤᠨ ᠡᠮᠦᠨ᠎ᠡ ᠬᠡᠰᠡᠭ ᠵᠡᠷᠭᠡ ᠭᠠᠵᠠᠷ ᠲᠤ ᠣᠨᠴᠠ ᠭᠠᠩ ᠬᠠᠭᠰᠠᠷᠭᠠᠨ ᠭᠠᠷᠤᠭᠰᠠᠨ ᠪᠠᠶᠢᠨ᠎ᠠ ᠃ ᠬᠡᠰᠡᠭ ᠭᠠᠵᠠᠷ ᠣᠷᠣᠨ ᠳᠤ ᠭᠠᠩ ᠬᠠᠭᠤᠷᠠᠶ ᠂ ᠬᠠᠭᠤᠷᠠᠶ ᠬᠠᠯᠠᠭᠤᠨ ᠰᠠᠯᠬᠢᠨ ᠤ ᠠᠭᠤᠷ ᠠᠮᠢᠰᠬᠤᠯ ᠵᠡᠷᠭᠡᠪᠡᠷ ᠡᠭᠦᠰᠴᠦ ᠂ ᠰᠡᠷᠭᠡᠶᠢᠯᠡᠬᠦ ᠳᠤ ᠠᠰᠢᠭ ᠥᠬᠡᠶ ᠨᠥᠯᠥᠭᠡ ᠶᠢ ᠰᠡᠷᠭᠡᠶᠢᠯᠡᠬᠦ ᠬᠡᠷᠡᠭᠲᠡᠶ ᠃  ᠣᠳᠣᠬᠠᠨ ᠳᠤ ᠂ ᠤᠮᠠᠷᠠᠲᠤ ᠣᠷᠣᠨ ᠤ ᠡᠪᠦᠯ ᠤᠨ ᠪᠤᠭᠤᠳᠠᠢ ᠤᠨᠠᠯᠲᠠ ᠪᠦᠷᠢᠯᠳᠦᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠂ ᠬᠠᠭᠤᠷᠠᠢ ᠬᠠᠯᠠᠭᠤᠨ ᠰᠠᠯᠬᠢᠨ ᠤ ᠠᠭᠤᠷ ᠠᠮᠢᠰᠬᠤᠯ ᠡᠭᠡᠳᠡᠩ ᠴᠢᠳᠬᠤᠬᠤ ᠬᠤᠷᠳᠤᠴᠠ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ ᠃ ᠨᠠᠪᠴᠢᠨ ᠤ ᠭᠠᠳᠠᠷᠭᠤ ᠶᠢᠨ ᠪᠣᠷᠳᠣᠭᠤᠷ ᠰᠦᠷᠴᠢᠬᠦ ᠪᠤᠶᠤ ᠣᠷᠭᠠᠨᠢᠭ ᠤᠰᠤᠨ ᠳᠤ ᠠᠭᠤᠰᠬᠤ ᠪᠣᠷᠳᠣᠭᠤᠷ ᠂ ᠤᠷᠭᠤᠮᠠᠯ ᠤᠨ ᠤᠷᠭᠤᠯᠲᠠ ᠶᠢ ᠲᠣᠬᠢᠷᠠᠭᠤᠯᠬᠤ ᠡᠳ᠋ ᠤᠭᠰᠠᠷᠠᠬᠤ ᠵᠡᠷᠭᠡ ᠠᠷᠭ᠎ᠠ ᠬᠡᠮᠵᠢᠶ᠎ᠡ ᠠᠪᠴᠤ ᠂ ᠨᠠᠪᠴᠢᠨ ᠤ ᠭᠡᠷᠡᠯ ᠢ ᠨᠡᠶᠢᠯᠡᠭᠦᠯᠬᠦ ᠴᠢᠳᠠᠪᠤᠷᠢ ᠪᠠ ᠠᠭᠤᠷᠰᠢᠬᠤ ᠶᠢ ᠡᠰᠡᠷᠭᠦᠴᠡᠬᠦ ᠦᠢᠯᠡᠳᠦᠯ ᠢ ᠳᠡᠭᠡᠭᠰᠢᠯᠡᠭᠦᠯᠬᠦ ᠶᠢ ᠰᠠᠨᠠᠭᠤᠯᠪᠠ︔ ᠪᠢᠴᠢᠯ ᠰᠦᠷᠴᠢᠨ ᠤᠰᠤᠯᠠᠬᠤ ᠲᠥᠬᠦᠭᠡᠷᠦᠮᠵᠢ ᠲᠠᠢ ᠭᠠᠵᠠᠷ ᠲᠤ ᠬᠠᠭᠤᠷᠠᠶ ᠬᠠᠯᠠᠭᠤᠨ ᠰᠠᠯᠬᠢ ᠬᠦᠷᠴᠦ ᠢᠷᠡᠬᠦ ᠠᠴᠠ ᠡᠮᠦᠨ᠎ᠡ ᠵᠣᠬᠢᠬᠤ ᠬᠡᠮᠵᠢᠶ᠎ᠡ ᠪᠠᠷ ᠤᠰᠤ ᠰᠦᠷᠴᠢᠵᠦ ᠂ ᠠᠭᠠᠷ ᠤᠨ ᠴᠢᠭᠢᠭ ᠤᠨ ᠬᠡᠮᠵᠢᠶ᠎ᠡ ᠶᠢ ᠨᠡᠮᠡᠭᠳᠡᠭᠦᠯᠦᠨ ᠂ ᠲᠢᠲᠢᠮ ᠳᠠᠪᠬᠤᠷᠭ᠎ᠠ ᠶᠢᠨ ᠳᠤᠯᠠᠭᠠᠨ ᠤ ᠬᠡᠮᠵᠢᠶ᠎ᠡ ᠶᠢ ᠪᠠᠭᠤᠷᠠᠭᠤᠯᠵᠤ ᠂ ᠬᠠᠭᠤᠷᠠᠶ ᠬᠠᠯᠠᠭᠤᠨ ᠰᠠᠯᠬᠢᠨ ᠤ ᠨᠥᠯᠥᠭᠡ ᠶᠢ ᠪᠠᠭᠠᠰᠬᠠᠨ᠎ᠠ ᠃  ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠠᠩᠳᠠᠭᠰᠠᠨ ᠭᠠᠵᠠᠷ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠠᠵᠢᠯ ᠢ ᠰᠠᠶᠢᠲᠤᠷ ᠬᠢᠬᠦ ᠶᠢ ᠪᠥᠬᠦ ᠬᠦᠴᠦᠨ ᠢᠶᠠᠷ ᠢᠶᠠᠨ ᠳᠠᠮᠵᠢᠵᠤ ᠂ ᠪᠣᠷᠣᠭᠠᠨ ᠤ ᠪᠠᠶᠢᠳᠠᠯ ᠂ ᠤᠰᠤᠨ ᠤ ᠪᠠᠶᠢᠳᠠᠯ ᠂ ᠴᠢᠭᠢᠭ ᠤᠨ ᠪᠠᠶᠢᠳᠠᠯ ᠂ ᠲᠠᠷᠢᠶᠠᠯᠠᠩ ᠤᠨ ᠪᠠᠶᠢᠳᠠᠯ ᠪᠠ ᠦᠯᠡᠳᠡᠭᠡᠯ ᠤᠰᠤᠨ ᠤ ᠡᠬᠢ ᠪᠠᠶᠠᠯᠢᠭ ᠢ ᠦᠷᠭᠦᠯᠵᠢᠯᠡᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠦᠷᠭᠦᠯᠵᠢᠯᠡᠨ ᠴᠢᠩᠭᠠᠳᠬᠠᠵᠤ ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠨᠢ ᠭᠠᠩ ᠬᠠᠭᠰᠠᠷᠠᠭᠠᠨ ᠲᠠᠢ ᠲᠡᠮᠡᠴᠡᠬᠦ ᠲᠣᠬᠢᠷᠠᠭᠤᠯᠤᠯᠲᠠ ᠶᠢ ᠳᠠᠭᠠᠨ᠎ᠠ ᠃ ᠡᠨᠡ ᠵᠢᠯ ᠠᠴᠠ ᠨᠠᠭᠠᠰᠢ ᠂ ᠱᠠᠨᠰᠢ ᠮᠣᠵᠢ ᠶᠢᠨ ᠬᠤᠷ᠎ᠠ ᠲᠤᠨᠤᠳᠠᠰᠤ ᠡᠩ ᠤᠨ ᠵᠢᠯ ᠤᠨ ᠬᠢ ᠠᠴᠠ ᠪᠠᠷᠤᠭ ᠭᠤᠷᠪᠠᠨ ᠬᠤᠪᠢ ᠳᠤᠲᠠᠭᠤ ᠪᠠᠶᠢᠵᠦ ᠂ ᠭᠠᠩ ᠤᠨ ᠪᠠᠶᠢᠳᠠᠯ ᠦᠷᠭᠦᠯᠵᠢᠯᠡᠨ ᠬᠥᠭᠵᠢᠪᠡ ᠃ 4 ᠳ᠋ᠦ᠋ᠭᠡᠷ ᠰᠠᠷ᠎ᠠ ᠶᠢᠨ 16 ᠤ ᠡᠳᠦᠷ ᠠᠴᠠ 5 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ ᠂ ᠬᠠᠨᠵᠢᠶᠠᠩ ᠮᠦᠷᠡᠨ ᠤ ᠤᠰᠤ ᠶᠢ ᠲᠠᠲᠠᠵᠤ ᠸᠧᠢ ᠡᠾᠧ ᠳᠤ ᠨᠡᠮᠡᠷᠢᠯᠡᠬᠦ ᠰᠠᠨ ᠾᠧ ᠺᠸᠤ ᠶᠢᠨ ᠤᠰᠤᠨ ᠴᠥᠭᠦᠷᠥᠮ ᠢ ᠲᠠᠲᠠᠵᠤ ᠰᠢ ᠠᠨ ᠬᠤᠲᠠ ᠳᠤ ᠲᠣᠭᠲᠠᠭᠤᠨ ᠤᠰᠤ ᠬᠠᠩᠭᠠᠬᠤ ᠶᠢ ᠪᠠᠲᠤᠯᠠᠬᠤ ᠶᠢᠨ ᠬᠠᠮᠲᠤ ᠂ ᠬᠠᠨᠵᠢᠶᠠᠩ ᠳᠤ ᠪᠠᠷᠤᠭ 4400 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠵᠦ ᠂ ᠬᠠᠨᠵᠢᠶᠠᠩ ᠮᠥᠷᠡᠨ ᠤ ᠭᠤᠣᠯ ᠤᠷᠤᠰᠬᠠᠯ ᠤᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠩᠭᠠᠬᠤ ᠶᠢ ᠪᠠᠲᠤᠯᠠᠬᠤ ᠶᠢ ᠬᠦᠴᠦᠲᠡᠢ ᠳᠡᠮᠵᠢᠪᠡ ᠃  ᠣᠶᠢᠷ᠎ᠠ ᠶᠢᠨ ᠬᠤᠭᠤᠴᠠᠭᠠᠨ ᠳᠤ ᠂ ᠬᠠᠲᠤᠨ ᠭᠤᠣᠯ ᠤᠨ ᠳᠤᠮᠳᠠ ᠳᠣᠣᠷᠠᠳᠤ ᠤᠷᠤᠰᠬᠠᠯ ᠤᠨ ᠭᠠᠩ ᠬᠠᠭᠰᠠᠷᠠᠭᠠᠨ ᠤ ᠪᠠᠶᠢᠳᠠᠯ ᠦᠷᠭᠦᠯᠵᠢᠯᠡᠨ ᠬᠥᠭᠵᠢᠬᠦ ᠬᠠᠨᠳᠤᠰᠢ ᠲᠠᠢ ᠪᠣᠯᠪᠠ ᠃ 2 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ ᠂ ᠰᠢᠶᠣᠤ ᠯᠠᠩ ᠳ᠋ᠢ ᠶᠢᠨ ᠤᠰᠤᠨ ᠠᠰᠢᠭᠯᠠᠯᠲᠠ ᠶᠢᠨ ᠬᠦᠢᠰᠦ 14 ᠤᠳᠠᠭ᠎ᠠ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠬᠡᠷᠡᠭᠯᠡᠵᠦ ᠤᠷᠤᠰᠬᠠᠯ ᠤᠨ ᠬᠡᠮᠵᠢᠶ᠎ᠡ ᠳᠣᠷᠣᠭᠰᠢᠯᠠᠵᠤ ᠂ 33.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠠᠩᠭᠠᠬᠤ ᠶᠢ ᠲᠣᠬᠢᠷᠠᠭᠤᠯᠤᠨ ᠂ ᠨᠡᠶᠢᠲᠡ 75 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠠᠩᠭᠠᠵᠤ ᠂ ᠬᠠᠲᠤᠨ ᠭᠤᠣᠯ ᠤᠨ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ ᠤᠰᠤ ᠬᠠᠩᠭᠠᠬᠤ ᠠᠮᠤᠷ ᠲᠦᠪᠰᠢᠨ ᠢ ᠬᠦᠴᠦᠲᠡᠢ ᠪᠠᠲᠤᠯᠠᠪᠠ ᠃  5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠂ ᠪᠠᠷᠠᠭᠤᠨ ᠮᠥᠷᠡᠨ ᠤ ᠰᠠᠪᠠ ᠭᠠᠵᠠᠷ ᠤᠨ ᠳᠤᠮᠳᠠᠴᠢ ᠬᠤᠷ᠎ᠠ ᠲᠤᠨᠳᠠᠰᠤᠨ ᠤ ᠬᠡᠮᠵᠢᠶ᠎ᠡ 241 ᠮᠢᠯᠢᠮᠧᠲᠷ ᠪᠠᠶᠢᠵᠦ ᠂ ᠡᠩ ᠤᠨ ᠵᠢᠯ ᠤᠨ ᠠᠳᠠᠯᠢ ᠬᠤᠭᠤᠴᠠᠭᠠᠨ ᠠᠴᠠ ᠳᠥᠷᠪᠡ ᠬᠤᠪᠢ ᠳᠤᠲᠠᠭᠤ ᠪᠣᠯᠵᠠᠢ ᠃ ᠭᠤᠸᠠᠩᠰᠢ ᠂ ᠶᠦᠨᠨᠠᠨ ᠵᠡᠷᠭᠡ ᠭᠠᠵᠠᠷ ᠲᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠭᠠᠷᠴᠤ ᠂ ᠬᠡᠰᠡᠭ ᠭᠠᠵᠠᠷ ᠣᠷᠣᠨ ᠤ ᠬᠥᠳᠡᠭᠡ ᠲᠣᠰᠬᠤᠨ ᠤ ᠤᠤᠭᠤᠬᠤ ᠤᠰᠤ ᠪᠣᠯᠤᠨ ᠬᠠᠪᠤᠷ ᠤᠨ ᠲᠠᠷᠢᠶᠠᠯᠠᠭ᠎ᠠ ᠶᠢᠨ ᠤᠰᠤᠯᠠᠯᠲᠠ ᠳᠤ ᠬᠡᠷᠡᠭᠯᠡᠬᠦ ᠤᠰᠤ ᠨᠥᠯᠥᠭᠡᠯᠡᠭᠳᠡᠪᠡ ᠃  ᠵᠦᠵᠢᠶᠠᠩ ᠮᠦᠷᠡᠨ ᠤ ᠤᠰᠤᠨ ᠠᠰᠢᠬᠯᠠᠯᠲᠠ ᠶᠢᠨ ᠵᠦᠪᠯᠡᠯ ᠨᠢ ᠲᠢᠶᠠᠨ ᠱᠧᠩ ᠴᠢᠶᠤᠤ ᠶᠢᠨ ᠨᠢᠭᠡᠳᠦᠭᠡᠷ ᠳᠡᠰ ᠂ ᠯᠦᠩ ᠲᠠᠨ ᠵᠡᠷᠭᠡ ᠤᠰᠤᠨ ᠴᠦᠬᠦᠷᠦᠮ ᠠᠴᠠ ᠦᠷᠬᠦᠯᠵᠢᠯᠡᠨ ᠤᠰᠤ ᠨᠦᠬᠦᠪᠦᠷᠢᠯᠡᠬᠦ ᠶᠢ ᠵᠤᠬᠢᠴᠠᠭᠤᠯᠤᠨ ᠳᠤᠬᠢᠷᠠᠭᠤᠯᠵᠤ ᠂ ᠭᠤᠸᠠᠩᠰᠢ ᠶᠢᠨ ᠬᠦᠢ ᠵᠦᠩ ᡁᠢ ᠬᠠᠨ ᠯᠧ ᠲᠠᠨ ᠤᠰᠤᠨ ᠴᠦᠬᠦᠷᠦᠮ ᠤᠨ ᠤᠰᠤ ᠳᠠᠲᠠᠬᠤ ᠤᠷᠤᠨ ᠤ ᠬᠠᠪᠤᠷ ᠤᠨ ᠤᠰᠤᠯᠠᠯᠲᠠ ᠳᠤ ᠬᠡᠷᠡᠭᠯᠡᠬᠦ ᠤᠰᠤ ᠶᠢ ᠪᠠᠲᠤᠯᠠᠵᠤ ᠂ ᠡᠨᠡ ᠵᠢᠯ ᠠᠴᠠ ᠨᠠᠭᠠᠰᠢ ᠤᠰᠤᠯᠠᠯᠲᠠ ᠳᠤ ᠪᠠᠶᠢᠭ᠎ᠠ ᠤᠰᠤᠨ ᠤ ᠬᠡᠮᠵᠢᠶ᠎ᠡ ᠨᠢ 1.64 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠪᠡ︔ ᠳ᠋ᠠ ᠲᠧᠩ ᠰᠢᠶᠠ ᠤᠰᠤᠨ ᠴᠦᠬᠦᠷᠦᠮ ᠤᠨ ᠤᠰᠤᠨ ᠲᠦᠪᠰᠢᠨ ᠢ ᠬᠦᠳᠡᠯᠦᠩᠭᠦᠢ ᠪᠠᠷ ᠡᠵᠡᠮᠳᠡᠵᠦ ᠂ ᠴᠦᠬᠦᠷᠦᠮ ᠤᠨ ᠤᠷᠤᠨ ᠤ ᠬᠤᠲᠠ ᠬᠦᠳᠡᠭᠡ ᠶᠢᠨ ᠤᠯᠠᠨ ᠲᠦᠮᠡᠨ ᠤ ᠤᠤᠭᠤᠬᠤ ᠤᠰᠤ ᠵᠢᠴᠢ ᠬᠠᠪᠤᠷ ᠤᠨ ᠲᠠᠷᠢᠶᠠᠯᠠᠭ᠎ᠠ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠪᠠ ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号