ᠤᠰᠤᠨ ᠠᠰᠢᠭᠯᠠᠯᠲᠠ ᠶᠢᠨ ᠶᠠᠮᠤᠨ ᠵᠦᠵᠢᠶᠠᠩ ᠮᠥᠷᠡᠨ ᠤ ᠰᠠᠪᠠ ᠭᠠᠵᠠᠷ ᠤᠨ ︽ᠯᠤᠤᠲᠤ ᠣᠩᠭᠤᠴᠠᠨ ᠤ ᠤᠰᠤ ︾ ᠶᠢᠨ ᠬᠤᠭᠤᠴᠠᠭᠠᠨ ᠳᠠᠬᠢ ᠦᠶᠡᠷ ᠤᠨ ᠪᠠᠶᠢᠳᠠᠯ ᠢ ᠵᠥᠪᠳᠡᠯᠴᠡᠨ ᠰᠤᠳᠤᠯᠵᠤ ᠮᠠᠭᠠᠳᠯᠠᠪᠠ
ᠨᠡᠶᠢᠲᠡᠯᠡᠭᠰᠡᠨ ᠴᠠᠭ᠄
2025/5/20
  ᠣᠶᠢᠷ᠎ᠠ ᠳᠤ ᠂ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠵᠠᠩᠭᠢ ᠶᠢᠨ ᠲᠥᠪ ᠨᠢ ᠤᠰᠤᠨ ᠠᠰᠢᠭᠯᠠᠯᠲᠠ ᠶᠢᠨ ᠶᠠᠮᠤᠨ ᠤ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ ᠂ ᠭᠤᠸᠠᠩᠳᠦ᠋ᠩ ᠂ ᠭᠤᠸᠠᠩᠰᠢ ᠵᠡᠷᠭᠡ ᠤᠰᠤᠨ ᠰᠢᠨᠵᠢᠯᠡᠭᠡᠨ ᠤ ᠰᠠᠯᠠᠭ᠎ᠠ ᠮᠦᠴᠢᠷ ᠲᠠᠢ ᠬᠠᠮᠲᠤᠷᠠᠨ ᠂ ᠡᠨᠡ ᠵᠢᠯ ᠤᠨ ︽ᠯᠤᠤᠲᠤ ᠣᠩᠭᠤᠴᠠᠨ ᠤ ᠤᠰᠤ︾ ᠶᠢᠨ ᠬᠤᠭᠤᠴᠠᠭᠠᠨ ᠳᠠᠬᠢ ᠵᠦᠵᠢᠶᠠᠩ ᠮᠥᠷᠡᠨ ᠤ ᠰᠠᠪᠠ ᠭᠠᠵᠠᠷ ᠤᠨ ᠦᠶᠡᠷ ᠤᠨ ᠪᠠᠶᠢᠳᠠᠯ ᠢ ᠵᠥᠪᠳᠡᠯᠴᠡᠨ ᠰᠤᠳᠤᠯᠵᠤ ᠮᠠᠭᠠᠳᠯᠠᠬᠤ ᠪᠣᠯᠤᠨ᠎ᠠ ᠃ ᠰᠤᠳᠤᠯᠤᠨ ᠮᠠᠭᠠᠳᠯᠠᠬᠰᠡᠨ ᠢᠶᠠᠷ ᠂ ︽ᠯᠤᠤᠳᠤ ᠤᠩᠭᠤᠴᠠᠨ ᠤ ᠤᠰᠤ︾ ᠶᠢᠨ ᠬᠤᠭᠤᠴᠠᠭᠠᠨ ᠳᠤ ᠳᠡᠳ᠋ ᠬᠠᠯᠠᠭᠤᠨ ᠪᠦᠰᠡᠨ ᠤ ᠦᠨᠳᠦᠷ ᠲᠠᠷᠤᠯᠳᠠᠳᠤ ᠲᠠᠯᠠᠪᠠᠢ ᠨᠢ ᠵᠢᠭᠠᠬᠠᠨ ᠶᠡᠭᠡ ᠂ ᠬᠦᠴᠦᠯᠡᠴᠡ ᠨᠢ ᠵᠢᠭᠠᠬᠠᠨ ᠴᠢᠩᠭ᠎ᠠ ᠂ ᠡᠮᠦᠨᠡᠳᠦ ᠲᠠᠩᠭᠢᠰ ᠶᠢᠨ ᠵᠤᠨ ᠤ ᠤᠯᠠᠷᠢᠯ ᠤᠨ ᠰᠠᠯᠬᠢ ᠵᠢᠭᠠᠬᠠᠨ ᠤᠷᠤᠢ ᠂ ᠵᠦᠵᠢᠶᠠᠩ ᠮᠦᠷᠡᠨ ᠤ ᠰᠠᠪᠠ ᠭᠠᠵᠠᠷ ᠤᠨ ᠪᠤᠷᠤᠭᠠᠨ ᠤ ᠵᠢᠯ ᠤᠢᠢᠷᠠᠳᠬᠤ ᠪᠤᠶᠤ ᠵᠢᠭᠠᠬᠠᠨ ᠢᠯᠡᠬᠦᠦ ᠰᠢᠭ ᠪᠠᠶᠢᠵᠤ ᠂ ᠡᠬᠦᠨ ᠳᠤ ᠰᠢᠵᠢᠶᠠᠩ ᠮᠦᠷᠡᠨ ᠵᠢᠯ ᠲᠤᠷᠰᠢ ᠤᠶᠢᠷᠠᠯᠴᠠᠭ᠎ᠠ ᠪᠠᠶᠢᠵᠤ ᠂ ᠪᠸᠢᠢᠵᠢᠶᠠᠩ ᠮᠦᠷᠡᠨ ᠂ ᠬᠠᠨᠵᠢᠶᠠᠩ ᠮᠦᠷᠡᠨ ᠵᠢᠭᠠᠬᠠᠨ ᠢᠯᠡᠬᠦᠦ ᠰᠢᠭ ᠪᠠᠶᠢᠳᠠᠭ︔ ᠵᠦᠵᠢᠶᠠᠩ ᠮᠦᠷᠡᠨ ᠤ ᠰᠠᠪᠠ ᠭᠠᠵᠠᠷ ᠤᠨ ᠶᠡᠬᠡᠩᠬᠢ ᠬᠡᠰᠡᠭ ᠤᠨ ᠠᠭᠠᠷ ᠤᠨ ᠲᠤᠯᠠᠭᠠᠨ ᠦᠨᠳᠦᠷ ᠂ ᠬᠦᠴᠦᠳᠡᠢ ᠰᠤᠯᠢᠭ ᠤᠷᠤᠰᠬᠠᠯ ᠤᠨ ᠠᠵᠢᠯᠯᠠᠭ᠎ᠠ ᠦᠷᠨᠢᠭᠦᠨ ᠪᠠᠶᠢᠵᠤ ᠂ ᠬᠡᠰᠡᠭ ᠭᠠᠵᠠᠷ ᠲᠤ ᠠᠭᠠᠳᠠᠷ ᠪᠤᠷᠤᠭᠠᠨ ᠤᠯᠠᠨ ᠡᠭᠦᠰᠳᠡᠭ ᠃ ᠪᠸᠢᠢᠵᠢᠶᠠᠩ ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ ᠂ ᠰᠢᠵᠢᠶᠠᠩ ᠂ ᠬᠠᠨᠵᠢᠶᠠᠩ ᠳᠤ ᠰᠡᠷᠡᠮᠵᠢᠯᠡᠭᠦᠯᠬᠦ ᠱᠣᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ ᠂ ᠰᠢᠷᠦᠭᠦᠨ ᠪᠣᠷᠣᠭᠠᠨ ᠤ ᠣᠷᠣᠨ ᠳᠤ ᠳᠤᠮᠳᠠ ᠵᠢᠵᠢᠭ ᠭᠤᠣᠯ ᠮᠥᠷᠡᠨ ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ︔ ᠡᠮᠵᠡᠭ ᠠᠶᠤᠯᠲᠠᠶ ᠤᠰᠤᠨ ᠴᠥᠭᠦᠷᠥᠮ ᠂ ᠳᠤᠮᠳᠠ ᠵᠢᠵᠢᠭ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠵᠢᠴᠢ ᠬᠡᠰᠡᠭ ᠭᠠᠵᠠᠷ ᠲᠤ ᠲᠦᠢᠯ ᠤᠨ ᠰᠢᠷᠦᠭᠦᠨ ᠪᠣᠷᠣᠭᠠᠨ ᠠᠴᠠ ᠪᠤᠯᠵᠤ ᠮᠡᠳᠡᠬᠦ ᠠᠭᠤᠯᠠᠨ ᠦᠶᠡᠷ ᠤᠨ ᠭᠠᠮᠰᠢᠭ ᠪᠣᠯᠤᠨ ᠬᠤᠳᠠ ᠶᠢᠨ ᠤᠰᠤᠲᠤᠯ ᠵᠡᠷᠭᠡ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠪᠠᠷ ᠠᠩᠬᠠᠷᠬᠤ ᠬᠡᠷᠡᠭᠲᠡᠢ ᠃  ᠤᠰᠤᠨ ᠠᠰᠢᠭᠯᠠᠯᠲᠠ ᠶᠢᠨ ᠶᠠᠮᠤᠨ ︽ᠯᠤᠤᠳᠤ ᠤᠩᠭᠤᠴᠠᠨ ᠤ ᠤᠰᠤ︾ ᠶᠢᠨ ᠬᠤᠭᠤᠴᠠᠭᠠᠨ ᠳᠤ ᠵᠦᠵᠢᠶᠠᠩ ᠮᠥᠷᠡᠨ ᠤ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠬᠤ ᠶᠠᠪᠤᠴᠠ ᠶᠢ ᠨᠢᠭᠲᠠ ᠬᠢᠨᠠᠨ ᠠᠵᠢᠭᠯᠠᠵᠤ ᠂ ᠲᠣᠭᠠᠴᠢᠯᠠᠭᠰᠠᠨ ᠢᠬᠡᠷ᠎ᠡ ᠲᠠᠪᠴᠠᠩ ᠢ ᠠᠰᠢᠭᠯᠠᠨ ᠦᠶᠡᠷ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠣᠷᠢᠯᠲᠠ ᠬᠢᠵᠦ ᠂ ᠰᠡᠷᠭᠡᠶᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ ᠂ ᠬᠤᠯᠪᠣᠭᠳᠠᠯ ᠪᠦᠬᠦᠢ ᠭᠠᠵᠠᠷ ᠣᠷᠣᠨ ᠲᠠᠢ ᠬᠠᠮᠲᠤᠷᠠᠨ ᠪᠠᠷᠠᠭᠤᠨ ᠮᠥᠷᠡᠨ ᠤ ᠳ᠋ᠠ ᠲᠧᠩ ᠰᠢᠶᠠ ᠂ ᠪᠸᠢᠢᠵᠢᠶᠠᠩ ᠹᠸᠢ ᠯᠠᠢ ᠰᠢᠶᠠ ᠂ ᠬᠠᠨᠵᠢᠶᠠᠩ ᠮᠥᠷᠡᠨ ᠤ ᠬᠥᠪᠥᠩ ᠤᠨ ᠲᠠᠯ᠎ᠠ ᠵᠡᠷᠭᠡ ᠰᠠᠪᠠ ᠭᠠᠵᠠᠷ ᠤᠨ ᠭᠤᠣᠯᠯᠠᠭᠴᠢ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠦᠶᠡᠷ ᠤᠨ ᠤᠰᠤ ᠶᠢ ᠭᠦᠢᠴᠡᠳ ᠲᠣᠬᠢᠷᠠᠭᠤᠯᠵᠤ ᠂ ᠣᠷᠣᠨ ᠨᠤᠲᠤᠭ ᠢ ᠰᠢᠮᠳᠠᠭᠤᠯᠵᠤ ᠪᠠᠶᠢᠭᠠᠳ ᠳᠤᠮᠳᠠ ᠵᠢᠵᠢᠭ ᠭᠤᠣᠯ ᠤᠨ ᠦᠶᠡᠷ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠪᠠ ᠯᠤᠤᠲᠤ ᠣᠩᠭᠤᠴᠠ ᠵᠡᠷᠭᠡ ᠤᠰᠤᠨ ᠳᠤ ᠬᠤᠯᠪᠣᠭᠳᠠᠬᠤ ᠠᠵᠢᠯᠯᠠᠭ᠎ᠠ ᠶᠢᠨ ᠦᠶᠡᠷ ᠤᠨ ᠬᠤᠭᠤᠴᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠶᠤᠯ ᠲᠠᠢ ᠣᠷᠣᠨ ᠤ ᠬᠥᠮᠦᠰ ᠢ ᠰᠢᠯᠵᠢᠭᠦᠯᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠯᠭᠡᠵᠦ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ ᠃  ᠯᠤᠤᠳᠤ ᠤᠩᠭᠤᠴᠠᠨ ᠤ ᠤᠰᠤ ᠪᠣᠯ ᠵᠢᠯ ᠪᠦᠷᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠷᠢᠳ ᠬᠤᠵᠢᠳ ︵5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠡᠬᠢ ᠪᠣᠯᠲᠠᠯ᠎ᠠ︶ ᠂ ᠡᠮᠦᠨᠡᠲᠦ ᠲᠠᠩᠭᠢᠰ ᠤᠨ ᠤᠯᠠᠷᠢᠯ ᠤᠨ ᠳᠤᠭᠰᠢᠨ ᠰᠠᠯᠬᠢ ᠪᠠ ᠳᠡᠳ᠋ ᠬᠠᠯᠠᠭᠤᠨ ᠪᠦᠰᠡ ᠶᠢᠨ ᠥᠨᠳᠥᠷ ᠳᠠᠷᠤᠯᠲᠠ ᠣᠮᠠᠷᠠᠰᠢ ᠳᠡᠭᠡᠭᠰᠢᠯᠡᠬᠦ ᠬᠠᠮᠲᠤ ᠶᠢᠨ ᠨᠥᠯᠥᠭᠡ ᠠᠴᠠ ᠪᠣᠯᠵᠤ ᠂ ᠡᠮᠦᠨᠡᠲᠦ ᠣᠷᠣᠨ ᠤ ᠮᠠᠰᠢ ᠠᠮᠠᠷᠬᠠᠨ ᠦᠷᠭᠦᠯᠵᠢᠯᠡᠬᠦ ᠴᠢᠨᠠᠷᠲᠠᠢ ᠂ ᠶᠡᠭᠡ ᠬᠡᠪᠴᠢᠶᠡᠨ ᠤ ᠲᠥᠪᠯᠡᠷᠡᠩᠭᠦᠢ ᠪᠣᠷᠣᠭᠠᠨ ᠡᠭᠦᠰᠬᠦ ᠶᠢ ᠵᠢᠭᠠᠵᠤ ᠪᠠᠶᠢᠨ᠎ᠠ ᠂ ᠵᠦᠵᠢᠶᠠᠩ ᠮᠥᠷᠡᠨ ᠤ ᠤᠷᠤᠰᠬᠠᠯ ᠤᠨ ᠴᠢᠨᠠᠷᠲᠠᠢ ᠦᠶᠡᠷ ᠢ ᠠᠮᠠᠷᠬᠠᠨ ᠡᠭᠦᠰᠭᠡᠨ᠎ᠡ ᠃ ᠯᠤᠤᠲᠤ ᠣᠩᠭᠤᠴᠠ ᠪᠠᠷ ᠭᠠᠲᠤᠯᠬᠤ ᠴᠠᠭ ᠦᠶ᠎ᠡ ᠪᠣᠯᠵᠤ ᠪᠠᠶᠢᠭ᠎ᠠ ᠪᠣᠯᠬᠤᠷ ᠡᠮᠦᠨᠡᠲᠦ ᠣᠷᠣᠨ ᠤ ᠪᠣᠷᠣᠭᠠᠨ ᠶᠡᠷᠦ ᠳᠡᠭᠡᠨ ︽ᠯᠤᠤᠳᠤ ᠤᠩᠭᠤᠴᠠᠨ ᠤ ᠤᠰᠤ︾ ᠭᠡᠳᠡᠭ ᠃    ᠵᠣᠬᠢᠶᠠᠭᠴᠢ᠄       ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号