ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠨᠠᠶᠢᠷᠠᠭᠤᠯᠤᠭᠰᠠᠨ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ ︾ ᠤᠨ | ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠠ ᠳᠤ ᠲᠥᠪ ᠤᠨ ᠲᠤᠯᠭᠤᠷ | ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃ | ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ ᠤᠨ 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ | ᠪᠢᠴᠢᠭᠰᠡᠨ ᠪᠥᠭᠡᠳ ᠠᠷᠠᠳ ᠤᠨ ᠡᠳᠦᠷ ᠤᠨ ᠰᠣᠨᠢᠨ ᠂ ︽ ᠦᠨᠡᠨ ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ | 29 ᠰᠢᠷᠢᠰ ᠤᠨᠤᠯ ᠤᠨ ᠤᠬᠠᠭᠤᠯᠭ᠎ᠠ ᠶᠢᠨ ᠵᠣᠬᠢᠶᠠᠯ ᠢ ᠣᠷᠣᠭᠤᠯᠵᠤ ᠂ ᠪᠠᠷᠤᠭ 23 ᠲᠦᠮᠡᠨ ᠦᠰᠦᠭ ᠲᠠᠢ ᠃ | ᠡᠳᠡᠭᠡᠷ ᠵᠣᠬᠢᠶᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ | ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ | ᠤᠨᠤᠯ ᠤᠨ ᠰᠢᠰᠲ᠋ᠧᠮᠵᠢᠭᠰᠡᠨ ᠰᠤᠳᠤᠯᠭᠠᠨ ᠂ ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ ᠃ | ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ ᠲᠠᠪᠤᠳᠤᠭᠠᠷ ᠡᠮᠬᠢᠳᠬᠡᠯ ᠂ ᠵᠢᠷᠭᠤᠳᠤᠭᠠᠷ ᠡᠮᠬᠢᠳᠬᠡᠯ ᠠᠴᠠ | ᠠᠷᠪᠠᠳᠤᠭᠠᠷ ᠡᠮᠬᠢᠳᠬᠡᠯ ᠢ ᠲᠤᠰ ᠲᠤᠰ 2020 ᠣᠨ ᠂ 2023 ᠣᠨ ᠳᠤ ᠬᠡᠪᠯᠡᠨ ᠲᠠᠷᠬᠠᠭᠠᠪᠠ ᠃ | | |