ᠥᠪᠥᠷ ᠮᠣᠩᠭᠤᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠣᠷᠣᠨ ᠵᠠᠶ ᠶᠢ ᠬᠠᠮᠠᠭᠠᠯᠠᠬᠤ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠪᠠ
ᠨᠡᠶᠢᠲᠡᠯᠡᠭᠰᠡᠨ ᠴᠠᠭ᠄
2025/5/21
  5 ᠳ᠋ᠤᠭᠠᠷ ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ ᠂ ᠥᠪᠥᠷ ᠮᠣᠩᠭᠤᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠨᠡᠶᠢᠲᠡᠯᠡᠪᠡ ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠣᠳᠣᠬᠠᠨ ᠳᠤ ᠂ ᠥᠪᠥᠷ ᠮᠣᠩᠭᠤᠯ ᠨᠢᠭᠡᠨᠲᠡ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 59.69 ᠲᠦᠮᠡᠨ ᠲᠡᠭᠰᠢ ᠳᠥᠷᠪᠡᠯᠵᠢᠨ ᠺᠢᠯᠤᠮᠧᠲᠷ ᠵᠠᠭᠠᠭᠯᠠᠨ ᠲᠣᠭᠲᠠᠭᠠᠵᠤ ᠂ ᠪᠥᠬᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ ᠃ ᠡᠭᠦᠨ ᠤ ᠬᠠᠮᠲᠤ ᠂ ᠪᠦᠬᠦ ᠣᠷᠣᠨ ᠳᠤ ᠶᠡᠭᠡ ᠬᠢᠩᠭᠠᠨ ᠳᠠᠪᠠᠭ᠎ᠠ ᠂ ᠬᠥᠯᠥᠨ ᠪᠤᠶᠢᠷ ᠂ ᠰᠤᠩᠭᠠᠷᠢ ᠨᠤᠨ ᠮᠦᠷᠡᠨ ᠤ ᠲᠠᠯ᠎ᠠ ᠭᠠᠵᠠᠷ ᠂ ᠰᠢᠯᠢ ᠶᠢᠨ ᠭᠤᠤᠯ ᠤᠨ ᠲᠠᠯ᠎ᠠ ᠨᠤᠲᠤᠭ ᠪᠣᠯᠤᠨ ᠪᠠᠷᠠᠭᠤᠨ ᠣᠷᠳᠣᠰ — ᠡᠾᠧ ᠯᠠᠨ ᠱᠠᠨ — ᠮᠤᠨᠢ ᠠᠭᠤᠯᠠ ᠵᠡᠷᠭᠡ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠲᠡᠷᠢᠭᠦᠨ ᠴᠢᠬᠤᠯᠠ ᠣᠷᠣᠨ ᠪᠦᠰᠡ ᠪᠠᠷ ᠲᠠᠷᠬᠠᠵᠤ ᠂ ᠶᠡᠷᠦᠩᠬᠡᠶ ᠲᠠᠯᠠᠪᠠᠶ ᠨᠢ 26.73 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ ᠂ ᠪᠠᠷᠤᠭ ᠪᠥᠬᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢᠨ 22.60% ᠢ ᠡᠵᠡᠯᠡᠵᠦ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠣᠷᠣᠨ ᠵᠠᠶ ᠶᠢ ᠬᠠᠮᠠᠭᠠᠯᠠᠬᠤ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠪᠠ ᠃  2025 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠪᠣᠯ 25 ᠳ᠋ᠤᠭᠠᠷ ᠳᠡᠯᠡᠬᠡᠢ ᠶᠢᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷᠲᠠᠢ ᠡᠳᠦᠷ ᠪᠣᠯᠣᠨ᠎ᠠ ᠂ ᠡᠨᠡ ᠵᠢᠯ ᠤᠨ ᠭᠤᠣᠯ ᠰᠡᠳᠦᠪ ᠪᠣᠯ ︽ᠲᠦᠮᠡᠨ ᠪᠣᠳᠠᠰ ᠬᠠᠮᠲᠤ ᠣᠷᠣᠰᠢᠬᠤ ᠪᠠ ᠭᠤᠸ᠎ᠠ ᠰᠠᠶᠢᠬᠠᠨ ᠪ᠊ ᠥᠨᠢᠳᠡ ᠶᠢᠨ ᠦᠷᠭᠦᠯᠵᠢᠯᠡᠯ︾ ᠶᠢ ᠤᠷᠢᠶᠠᠯᠠᠵᠤ ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠠᠮ ᠢᠶᠠᠷ ᠵᠠᠮᠨᠠᠵᠤ ᠥᠨᠢᠳᠡ ᠶᠢᠨ ᠵᠠᠮ ᠢ ᠡᠭᠦᠳᠬᠦ ᠶᠢ ᠤᠷᠢᠶᠠᠯᠠᠪᠠ ᠃ ᠡᠨᠡ ᠵᠢᠯ ᠪᠣᠯ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ ᠂ ᠲᠠᠪᠤᠨ ᠵᠢᠯ ᠤᠨ ᠲᠤᠷᠰᠢ ᠂ ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠴᠢᠬᠤᠯᠠ ᠠᠮᠢ ᠠᠬᠤᠶ ᠶᠢᠨ ᠣᠷᠣᠨ ᠵᠠᠶ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ ᠃  ᠡᠩ ᠲᠡᠷᠢᠭᠦᠨ ᠳᠤ ᠂ 2021 ᠣᠨ ᠠᠴᠠ ᠨᠠᠭᠠᠰᠢ ᠂ ᠮᠠᠨ ᠤ ᠣᠷᠣᠨ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾ ᠵᠡᠷᠭᠡ 14 ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠠᠯ᠎ᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠨ ᠵᠠᠰᠠᠪᠤᠷᠢ ᠣᠷᠣᠭᠤᠯᠵᠤ ᠂ ᠣᠶ ᠰᠢᠭᠤᠶ ᠂ ᠨᠤᠲᠤᠭ ᠪᠡᠯᠴᠢᠭᠡᠷ ᠂ ᠭᠤᠤᠯ ᠮᠥᠷᠡᠨ ᠨᠠᠭᠤᠷ ᠴᠥᠭᠦᠷᠥᠮ ᠂ ᠨᠤᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠂ ᠬᠡᠭᠡᠷ᠎ᠡ ᠶᠢᠨ ᠠᠮᠢᠲᠠᠨ ᠤᠷᠭᠤᠮᠠᠯ ᠂ ᠦᠷ᠎ᠡ ᠶᠢᠨ ᠡᠬᠢ ᠪᠠᠶᠠᠯᠢᠭ ᠵᠡᠷᠭᠡ ᠳᠦᠷᠰᠦ ᠶᠢᠨ ᠬᠠᠮᠠᠭᠠᠯᠠᠯᠲᠠ ᠶᠢᠨ ᠬᠦᠷᠢᠶ᠎ᠡ ᠶᠢ ᠬᠠᠮᠤᠷᠴᠤ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ ᠃  ᠳᠠᠷᠠᠭᠠᠯᠠᠪᠠᠯ ᠂ ᠮᠠᠨ ᠤ ᠣᠷᠣᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠤᠯᠠᠭᠠᠨᠰᠤᠬᠠᠶ ᠳᠤ ᠫᠦᠱᠢ ᠶᠢᠨ ᠵᠡᠷᠯᠢᠭ ᠠᠳᠤᠭᠤ ᠪᠠ ᠬᠠᠨᠳᠠᠭᠠᠢ ᠶᠢ ᠬᠡᠭᠡᠷ᠎ᠡ ᠲᠠᠯ᠎ᠠ  ᠳᠤᠨᠢ ᠲᠠᠯᠪᠢᠵᠤ ᠂ ᠣᠷᠳᠣᠰ ᠲᠤ ᠮᠥᠬᠦᠬᠦ ᠰᠢᠬᠠᠭᠰᠠᠨ ᠬᠡᠭᠡᠷ᠎ᠡ ᠶᠢᠨ ᠤᠷᠭᠤᠮᠠᠯ ᠤᠨ ᠨᠡᠭᠦᠳᠡᠯ ᠭᠠᠵᠠᠷ ᠢ ᠬᠠᠮᠠᠭᠠᠯᠠᠬᠤ ᠪᠠ ᠥᠷᠭᠡᠳᠬᠡᠨ ᠦᠷᠡᠵᠢᠭᠦᠯᠬᠦ ᠰᠤᠳᠤᠯᠭᠠᠨ ᠤ ᠲᠥᠪ ᠢ ᠪᠠᠶᠢᠭᠤᠯᠪᠠ ᠃ ᠪᠠᠰᠠ ᠤᠯᠤᠰ ᠤᠨ ᠲᠠᠰ ᠤᠨ ᠮᠢᠺᠷᠣᠪ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ 1 ᠂ ᠲᠡᠵᠢᠭᠡᠯ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠬᠥᠮᠥᠷᠭᠡ 2 ᠂ ᠮᠠᠯ ᠵᠢᠭᠦᠷᠲᠡᠨ ᠤ ᠦᠷ᠎ᠡ ᠶᠢᠨ ᠡᠬᠢ ᠪᠠᠶᠠᠯᠢᠭ ᠤᠨ ᠲᠠᠯᠠᠪᠠᠶ ︵ᠲᠣᠭᠤᠷᠢᠭ︶ 12 ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ 3 ᠂ ᠮᠠᠯ ᠵᠢᠭᠦᠷᠲᠡᠨ ᠤ ᠦᠷ᠎ᠡ ᠶᠢᠨ ᠡᠬᠢ ᠪᠠᠶᠠᠯᠢᠭ ᠤᠨ ᠬᠥᠮᠥᠷᠭᠡ 2 ᠂ ᠮᠢᠺᠷᠣᠪ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ 1 ᠂ ᠮᠠᠯ ᠵᠢᠭᠦᠷᠲᠡᠨ ᠤ ᠡᠭᠦᠯᠳᠡᠷ ᠬᠠᠮᠠᠭᠠᠯᠠᠬᠤ ᠲᠠᠯᠠᠪᠠᠢ ᠶᠢ 25 ᠪᠠᠶᠢᠭᠤᠯᠪᠠ ᠃  ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠳᠠᠪᠬᠤᠷᠭ᠎ᠠ ᠳᠤ ᠂ 2021 ᠣᠨ ᠠᠴᠠ ᠨᠠᠭᠠᠰᠢ ᠂ ᠥᠪᠥᠷ ᠮᠣᠩᠭᠤᠯ ᠨᠡᠶᠢᠲᠡ 2127 ᠲᠦᠮᠡᠨ ᠮᠥ ᠣᠶᠢᠵᠢᠭᠤᠯᠵᠤ ᠂ 420 ᠲᠦᠮᠡᠨ ᠮᠥ ᠡᠯᠡᠰᠦ ᠶᠢ ᠰᠡᠷᠭᠡᠶᠢᠯᠡᠨ ᠵᠠᠰᠠᠵᠤ ᠂ ᠬᠡᠪᠴᠢᠶ᠎ᠡ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ ᠃ ᠦᠨᠳᠦᠰᠦᠨ ᠨᠤᠲᠤᠭ ᠪᠡᠯᠴᠢᠭᠡᠷ ᠢ ᠲᠣᠬᠢᠷᠠᠭᠤᠯᠤᠨ ᠬᠤᠪᠢᠶᠠᠷᠢᠯᠠᠨ ᠲᠣᠭᠲᠠᠭᠠᠬᠤ ᠶᠢ ᠪᠦᠬᠦ ᠲᠠᠯ᠎ᠠ ᠪᠠᠷ ᠪᠡᠶᠡᠯᠡᠭᠦᠯᠵᠦ ᠂ ᠦᠨᠳᠦᠰᠦᠨ ᠨᠤᠲᠤᠭ ᠪᠡᠯᠴᠢᠭᠡᠷ ᠢ 7.3 ᠳ᠋ᠦᠩᠰᠢᠭᠤᠷ ᠮᠦ ᠲᠣᠬᠢᠷᠠᠭᠤᠯᠤᠨ ᠬᠤᠪᠢᠶᠠᠷᠢᠯᠠᠨ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠪᠣᠯᠤᠨ ᠬᠤᠰᠢᠭᠤ ᠰᠢᠶᠠᠨ ᠬᠤᠲᠠ ᠲᠣᠭᠤᠷᠢᠭ ᠭᠤᠷᠪᠠᠨ ᠱᠠᠲᠤᠨ ᠤ ᠦᠨᠳᠦᠰᠦᠨ ᠨᠤᠲᠤᠭ ᠪᠡᠯᠴᠢᠭᠡᠷ ᠤᠨ ︽ᠨᠢᠭᠡ ᠵᠢᠷᠤᠭ︾ ᠤᠨ ᠬᠠᠮᠢᠶᠠᠷᠤᠯᠲᠠ ᠶᠢ ᠪᠤᠶ ᠪᠣᠯᠭᠠᠨ᠎ᠠ ᠃ ᠬᠠᠲᠤᠨ ᠭᠤᠣᠯ ᠂ ᠪᠠᠷᠠᠭᠤᠨ ᠯᠢᠶᠣᠤ ᠾᠧ ᠭᠤᠣᠯ ᠵᠡᠷᠭᠡ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠨ ᠵᠠᠰᠠᠬᠤ ᠶᠢ ᠶᠡᠬᠡᠪᠡᠷ ᠠᠬᠢᠭᠤᠯᠬᠤ ᠶᠢᠨ ᠬᠠᠮᠲᠤ ᠂ ᠨᠤᠭᠤ ᠭᠠᠵᠠᠷ ᠢ ᠱᠠᠲᠤ ᠬᠤᠪᠢᠶᠠᠨ ᠬᠠᠮᠢᠶᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠤᠯᠠᠭᠠᠨᠰᠤᠬᠠᠢ ᠤᠯᠤᠰ ᠤᠨ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠠᠮᠵᠢᠯᠲᠠ ᠲᠠᠢ ᠪᠠᠷ ᠰᠣᠩᠭᠤᠭᠳᠠᠪᠠ ᠃  ᠡᠭᠦᠨ ᠠᠴᠠ ᠭᠠᠳᠠᠨ᠎ᠠ ᠂ ᠮᠠᠨ ᠤ ᠣᠷᠣᠨ ᠤᠷᠢᠳ ᠬᠤᠵᠢᠳ ᠪᠥᠬᠦ ᠣᠷᠣᠨ ᠵᠢᠴᠢ ᠣᠷᠣᠨ ᠪᠦᠰᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠣᠯᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠥᠬᠦ ᠣᠷᠣᠨ ᠤ ᠠᠮᠢ ᠠᠬᠤᠶ ᠶᠢᠨ ᠰᠢᠰᠲ᠋ᠧᠮ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠣᠯᠠᠨ ᠶᠠᠩᠵᠤᠲᠤ ᠴᠢᠨᠠᠷ ᠤᠨ ᠪᠠᠶᠢᠴᠠᠭᠠᠯᠲᠠ ᠶᠢ ᠪᠡᠶᠡᠯᠡᠭᠦᠯᠵᠦ ᠂ ᠪᠥᠬᠦ ᠣᠷᠣᠨ ᠤ 1᠄ 50 ᠲᠦᠮᠡᠨ ᠠᠮᠢ ᠠᠬᠤᠶ ᠶᠢᠨ ᠰᠢᠰᠲ᠋ᠧᠮ ᠤᠨ ᠲᠥᠷᠥᠯ ᠬᠡᠯᠪᠡᠷᠢ ᠶᠢᠨ ᠵᠢᠷᠤᠭ ᠢ ᠵᠢᠷᠤᠵᠤ ᠂ ︽ᠥᠪᠥᠷ ᠮᠣᠩᠭᠤᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠳ᠋ᠡᠶᠢᠲ᠋ᠠ ᠶᠢᠨ ᠬᠥᠮᠥᠷᠭᠡ︾ ᠶᠢ ᠬᠦᠴᠦᠯᠡᠨ ᠪᠠᠶᠢᠭᠤᠯᠪᠠ ᠃ ᠡᠭᠦᠨ ᠤ ᠬᠠᠮᠲᠤ ᠂ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ ᠂ 2021 ᠣᠨ ᠠᠴᠠ 2024 ᠣᠨ ᠪᠣᠯᠲᠠᠯ᠎ᠠ ᠂ ᠪᠥᠬᠦ ᠣᠷᠣᠨ ᠳᠤ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠨᠡᠶᠢᠲᠡ 28076.93 ᠲᠦᠮᠡᠨ ᠮᠥ ᠰᠡᠷᠭᠡᠶᠢᠯᠡᠨ ᠵᠠᠰᠠᠵᠤ ᠂ ᠭᠠᠮᠰᠢᠭ ᠤᠨ ᠨᠣᠷᠮ᠎ᠠ ᠶᠢ ᠴᠥᠮ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠭᠦᠢᠴᠡᠳᠭᠡᠯ ᠲᠤᠭ᠎ᠠ ᠠᠴᠠ ᠳᠣᠷᠣᠭᠰᠢ ᠬᠢᠵᠠᠭᠠᠷᠯᠠᠪᠠ ᠃  ᠪᠥᠬᠦ ᠣᠷᠣᠨ ᠤ ᠬᠠᠤᠯᠢ ᠴᠠᠭᠠᠵᠠ ᠶᠢᠨ ᠪᠠᠶᠢᠭᠤᠯᠭ᠎ᠠ ᠴᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠂ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠂ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠂ ᠭᠠᠳᠠᠨ᠎ᠠ ᠠᠴᠠ ᠣᠷᠣᠵᠤ ᠢᠷᠡᠭᠰᠡᠨ ᠲᠦᠷᠢᠯᠲᠡ ᠶᠢᠨ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ︽ᠺᠦᠨᠯᠦ᠋ᠨ ᠠᠵᠢᠯᠯᠠᠭ᠎ᠠ︾ ᠂ ︽ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ︾ ᠂ ︽ᠬᠠᠲᠤᠨ ᠭᠤᠤᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠪᠠ ︽ᠤᠯᠤᠰ ᠤᠨ ᠡᠭᠦᠳᠡᠨ ᠤ ᠨᠣᠭᠤᠭᠠᠨ ᠪᠠᠮᠪᠠᠢ︾ ᠶᠢᠨ ᠲᠤᠰᠬᠠᠶ ᠠᠵᠢᠯᠯᠠᠭ᠎ᠠ ᠵᠡᠷᠭᠡ ᠠᠯᠢ ᠣᠯᠠᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ ᠃ 2021 ᠣᠨ ᠠᠴᠠ 2025 ᠣᠨ ᠤ 4 ᠳ᠋ᠦ᠋ᠭᠡᠷ ᠰᠠᠷ᠎ᠠ ᠳᠤ ᠂ ᠪᠥᠬᠦ ᠣᠷᠣᠨ ᠤ ᠰᠢᠭᠦᠬᠦ ᠬᠤᠷᠢᠶ᠎ᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠡᠷᠡᠭ ᠢ ᠨᠡᠶᠢᠲᠡ 846 ᠬᠤᠪᠢ ᠰᠢᠭᠦᠨ ᠳᠠᠭᠤᠰᠬᠠᠵᠤ ᠂ ᠮᠠᠨ ᠤ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢ ᠬᠦᠴᠦᠲᠡᠢ ᠬᠤᠷᠢᠭᠯᠠᠪᠠ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号