ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2025/5/21
ᠬᠡᠯᠬᠢᠶᠡᠰᠦᠨ ᠨᠣᠮᠧᠷ᠄ 000014348/2025 — 02338ᠭᠤᠣᠯ ᠰᠡᠳᠦᠪ ᠤᠨ ᠠᠩᠭᠢᠯᠠᠯ᠄ᠨᠡᠶᠢᠲᠡᠯᠡᠭᠰᠡᠨ ᠪᠠᠶᠢᠭᠤᠯᠤᠮᠵᠢ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨᠪᠢᠴᠢᠭ ᠤᠨ ᠳ᠋ᠤᠭᠠᠷ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 275 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 5 ᠳ᠋ᠤᠭᠠᠷ ᠰᠠᠷ᠎ᠠ ᠶᠢᠨ 21 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ︵2025 ᠣᠨ ᠤ 5 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 275 ᠳ᠋ᠤᠭᠠᠷ ᠲᠣᠭᠠᠲᠤ ᠨᠡᠶᠢᠲᠡᠯᠡᠪᠡ  2025 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ᠨᠢᠭᠡᠳᠦᠭᠡᠷ ᠪᠦᠯᠦᠭ ᠶᠡᠷᠦᠩᠬᠡᠢ ᠳᠦᠷᠢᠮ  ᠨᠢᠭᠡᠳᠦᠭᠡᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠢ ᠬᠡᠷᠡᠭᠵᠢᠭᠦᠯᠵᠦ ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ ᠰᠢᠯᠢᠳᠡᠭᠵᠢᠭᠦᠯᠵᠦ ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ ᠂ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ ᠂ ᠲᠤᠰ ᠠᠷᠭ᠎ᠠ ᠶᠢ ᠲᠣᠭᠲᠠᠭᠠᠪᠠ ᠃  ᠬᠤᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠂ ᠲᠣᠬᠢᠷᠠᠭᠤᠯᠬᠤ ᠂ ᠨᠡᠶᠢᠲᠡᠯᠡᠬᠦ ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠡᠷᠭᠡ ᠠᠵᠢᠯᠯᠠᠭ᠎ᠠ ᠳᠤ ᠲᠤᠰ ᠠᠷᠭ᠎ᠠ ᠬᠡᠷᠡᠭᠯᠡᠭᠳᠡᠨ᠎ᠡ ᠃  ᠭᠤᠷᠪᠠᠳᠤᠭᠠᠷ ᠵᠤᠷᠪᠤᠰ  ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠳᠤ ᠵᠠᠰᠠᠭ ᠵᠠᠬᠢᠷᠭᠠᠨ ᠤ ᠵᠥᠪᠰᠢᠶᠡᠷᠡᠯ ᠂ ᠵᠠᠰᠠᠭ ᠵᠠᠬᠢᠷᠭᠠᠨ ᠤ ᠨᠤᠲᠠᠯᠠᠯᠲᠠ ᠂ ᠵᠠᠰᠠᠭ ᠵᠠᠬᠢᠷᠭᠠᠨ ᠤ ᠲᠠᠰᠤᠯᠤᠯᠲᠠ ᠂ ᠵᠠᠰᠠᠭ ᠵᠠᠬᠢᠷᠭᠠᠨ ᠤ ᠲᠥᠯᠥᠪᠦᠷᠢ ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ ᠂ ᠵᠠᠰᠠᠭ ᠵᠠᠬᠢᠷᠭᠠᠨ ᠤ ᠳᠠᠩᠰᠠᠯᠠᠯ ᠂ ᠵᠠᠰᠠᠭ ᠵᠠᠬᠢᠷᠭᠠᠨ ᠤ ᠪᠠᠶᠢᠴᠠᠭᠠᠯᠲᠠ ᠂ ᠵᠠᠰᠠᠭ ᠵᠠᠬᠢᠷᠭᠠᠨ ᠤ ᠰᠢᠢᠳᠭᠡᠯ ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠢᠴᠢ ᠪᠤᠰᠤᠳ ᠵᠠᠰᠠᠭ ᠵᠠᠬᠢᠷᠭᠠᠨ ᠤ ᠡᠷᠬᠡ ᠪᠠᠭᠲᠠᠨ᠎ᠠ ᠃  ᠳᠥᠷᠪᠡᠳᠦᠭᠡᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠂ ᠢᠯᠡ ᠲᠣᠳᠣ ᠂ ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠢ ᠵᠢᠷᠤᠮᠯᠠᠨ ᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠂ ᠱᠠᠲᠤ ᠬᠤᠪᠢᠶᠠᠨ ᠬᠠᠷᠢᠭᠤᠴᠠᠬᠤ ᠂ ᠰᠠᠯᠠᠭ᠎ᠠ ᠮᠥᠴᠢᠷ ᠬᠠᠮᠵᠢᠯᠴᠠᠬᠤ ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ ᠃  ᠲᠠᠪᠤᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠂ ᠲᠣᠬᠢᠷᠠᠭᠤᠯᠬᠤ ᠂ ᠨᠡᠶᠢᠲᠡᠯᠡᠬᠦ ᠪᠠ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠂ ᠬᠠᠮᠢᠶᠠᠷᠬᠤ ᠂ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃  ᠵᠢᠷᠭᠤᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠪᠣᠯ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠭᠤᠤᠯ ᠴᠣᠭᠴᠠ ᠂ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠮᠥᠨ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠤᠯᠢ ᠶᠣᠰᠣᠴᠢ ᠴᠢᠨᠠᠷ ᠂ ᠵᠦᠶ ᠶᠣᠰᠣᠴᠢ ᠴᠢᠨᠠᠷ ᠂ ᠪᠦᠷᠢᠨ ᠪᠦᠲᠦᠨ ᠴᠢᠨᠠᠷ ᠂ ᠣᠨᠣᠪᠴᠢᠲᠤ ᠴᠢᠨᠠᠷ ᠪᠠ ᠵᠢᠷᠤᠮᠵᠢᠯᠳᠤ ᠴᠢᠨᠠᠷ ᠲᠤ ᠬᠠᠷᠢᠭᠤᠴᠠᠨ᠎ᠠ ᠃  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠲᠤᠰ ᠱᠠᠲᠤᠨ ᠤ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠳᠤ ᠳᠠᠭᠠᠭᠠᠨ ᠠᠪᠴᠤ ᠵᠢᠯᠣᠭᠤᠳᠬᠤ ᠂ ᠵᠣᠬᠢᠴᠠᠭᠤᠯᠤᠨ ᠬᠢᠨᠠᠯᠲᠠ ᠲᠠᠯᠪᠢᠬᠤ ᠪᠠ ᠬᠦᠴᠦᠨ ᠴᠢᠳᠠᠪᠤᠷᠢ ᠶᠢᠨ ᠦᠨᠡᠯᠡᠨ ᠵᠢᠱᠢᠯᠲᠡ ᠬᠢᠬᠦ ᠬᠡᠷᠡᠭᠲᠡᠶ ᠃  ᠳᠣᠯᠣᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠲᠣᠰ ᠠᠵᠢᠯ ᠲᠥᠷᠥᠯ ᠂ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠵᠤ ᠂ ᠠᠳᠠᠯᠢ ᠪᠤᠰᠤ ᠲᠠᠰ ᠳᠠᠪᠬᠤᠷᠭ᠎ᠠ ᠂ ᠠᠳᠠᠯᠢ ᠪᠤᠰᠤ ᠣᠷᠣᠨ ᠪᠦᠰᠡ ᠶᠢᠨ ᠠᠳᠠᠯᠢ ᠨᠢᠭᠡᠨ ᠵᠠᠰᠠᠭ ᠵᠠᠬᠢᠷᠭᠠᠨ ᠤ ᠡᠷᠬᠡ ᠶᠢᠨ ᠬᠦᠴᠦᠨ ᠵᠦᠢᠯ ᠢ ᠵᠢᠷᠤᠮᠵᠢᠭᠤᠯᠤᠨ ᠨᠢᠭᠡᠳᠬᠡᠨ᠎ᠡ ᠃  ᠨᠠᠢᠮᠠᠳᠤᠭᠠᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠮᠳᠠᠭᠤᠯᠤᠨ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠂ ᠥᠪᠥᠷ ᠮᠣᠩᠭᠤᠯ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠣᠷᠤᠭᠤᠯᠬᠤ ᠬᠡᠷᠡᠭᠲᠡᠢ ᠃  ᠬᠤᠶᠠᠳᠤᠭᠠᠷ ᠪᠦᠯᠦᠭ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠬᠤ  ᠶᠢᠰᠦᠳᠦᠭᠡᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠳᠤ ᠬᠠᠤᠯᠢ ᠴᠠᠭᠠᠵᠠ ᠂ ᠬᠠᠤᠯᠢ ᠲᠣᠭᠲᠠᠭᠠᠯ ᠂ ᠲᠣᠭᠲᠠᠭᠠᠯ ᠳᠦᠷᠢᠮ ᠢᠶᠠᠷ ᠦᠨᠳᠦᠰᠦᠯᠡᠯ ᠪᠣᠯᠭᠠᠵᠤ ᠂ ᠵᠠᠰᠠᠭ ᠵᠠᠬᠢᠷᠭᠠᠨ ᠤ ᠡᠷᠬᠡ ᠶᠢᠨ ᠨᠡᠷᠡᠶᠢᠳᠦᠯ ᠂ ᠲᠥᠷᠥᠯ ᠬᠡᠯᠪᠡᠷᠢ ᠂ ᠲᠣᠭᠲᠠᠭᠠᠭᠰᠠᠨ ᠦᠨᠳᠦᠰᠦᠯᠡᠯ ᠂ ᠬᠠᠷᠢᠭᠤᠴᠠᠯᠭ᠎ᠠ ᠶᠢᠨ ᠭᠤᠣᠯ ᠴᠣᠭᠴᠠ ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠬᠦᠴᠦᠨ ᠵᠦᠢᠯ ᠢ ᠪᠠᠭᠲᠠᠭᠠᠬᠤ ᠶᠢᠨ ᠬᠠᠮᠲᠤ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠡᠷᠭᠡ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ ᠃  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠳᠤ ᠂ ᠤᠯᠤᠰ ᠤᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠦᠨᠳᠦᠰᠦᠨ ᠭᠠᠷᠴᠠᠭ ᠵᠡᠷᠭᠡ ᠲᠠᠢ ᠨᠢᠭᠡᠳᠦᠯᠲᠡᠢ ᠪᠠᠶᠢᠬᠤ ᠶᠢᠨ ᠬᠠᠮᠲᠤ ᠰᠠᠶᠢᠲᠤᠷ ᠵᠣᠯᠭᠠᠭᠤᠯᠬᠤ ᠬᠡᠷᠡᠭᠲᠡᠢ ᠃  ᠠᠷᠪᠠᠳᠤᠭᠠᠷ ᠵᠤᠷᠪᠤᠰ  ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠳᠤ ᠭᠤᠣᠯ ᠪᠣᠯᠬᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠲᠠᠢ ᠵᠥᠪᠳᠡᠯᠴᠡᠵᠦ ᠬᠡᠷᠡᠭᠵᠢᠭᠦᠯᠬᠦ ᠵᠠᠰᠠᠭ ᠵᠠᠬᠢᠷᠭᠠᠨ ᠤ ᠡᠷᠬᠡ ᠶᠢ ᠵᠠᠰᠠᠭ ᠵᠠᠬᠢᠷᠭᠠᠨ ᠤ ᠭᠤᠣᠯ ᠡᠷᠬᠡ ᠶᠢᠨ ᠬᠡᠷᠡᠭᠵᠢᠭᠦᠯᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠣᠷᠣᠭᠤᠯᠤᠨ᠎ᠠ ᠃  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠨᠠᠶᠢᠳᠠᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠶᠢ ᠨᠠᠶᠢᠳᠠᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠣᠷᠣᠭᠤᠯᠬᠤ ᠬᠡᠷᠡᠭᠲᠡᠶ ᠃  ᠠᠷᠪᠠᠨ ᠨᠢᠭᠡᠳᠦᠭᠡᠷ ᠵᠤᠷᠪᠤᠰ  ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠄  ︵ᠨᠢᠭᠡ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠢ ᠲᠣᠭᠲᠠᠭᠠᠬᠤ ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠂ ᠵᠠᠰᠠᠭ ᠵᠠᠬᠢᠷᠭᠠᠨ ᠤ ᠡᠷᠬᠡ ᠶᠢ ᠰᠢᠨ᠎ᠡ ᠪᠠᠷ ᠨᠡᠮᠡᠭᠳᠡᠭᠦᠯᠬᠦ ᠂ ᠬᠤᠪᠢᠷᠠᠭᠤᠯᠬᠤ ᠂ ᠬᠦᠴᠦᠨ ᠦᠭᠡᠢ ᠪᠣᠯᠭᠠᠬᠤ ᠂ ᠳᠣᠷᠣᠭᠰᠢ ᠪᠠᠭᠤᠯᠭᠠᠬᠤ ᠴᠢᠬᠤᠯᠠ ᠲᠠᠢ︔  ︵ᠬᠤᠶᠠᠷ︶ ᠲᠥᠷᠥ ᠶᠢᠨ ᠶᠠᠪᠤᠳᠠᠯ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠂ ᠠᠶᠢᠮᠠᠭ ᠤᠨ ᠵᠠᠬᠢᠷᠭ᠎ᠠ ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠬᠦ ᠱᠠᠲᠤ ᠳᠠᠪᠬᠤᠷᠭ᠎ᠠ ᠳᠤ ᠬᠠᠤᠯᠢ ᠶᠣᠰᠣᠭᠠᠷ ᠲᠣᠬᠢᠷᠠᠭᠤᠯᠤᠯᠲᠠ ᠬᠢᠬᠦ ᠳᠤ ᠵᠠᠰᠠᠭ ᠵᠠᠬᠢᠷᠭᠠᠨ ᠤ ᠡᠷᠬᠡ ᠶᠢ ᠰᠢᠨ᠎ᠡ ᠪᠠᠷ ᠨᠡᠮᠡᠭᠳᠡᠭᠦᠯᠬᠦ ᠪᠤᠶᠤ ᠳᠣᠷᠣᠭᠰᠢ ᠪᠠᠭᠤᠯᠭᠠᠬᠤ ᠴᠢᠬᠤᠯᠠᠲᠠᠢ︔  ︵ᠭᠤᠷᠪᠠ︶ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠴᠠ ᠪᠣᠯᠵᠤ ᠵᠠᠰᠠᠭ ᠵᠠᠬᠢᠷᠭᠠᠨ ᠤ ᠡᠷᠬᠡ ᠳᠤ ᠬᠤᠪᠢᠷᠠᠯᠲᠠ ᠭᠠᠷᠴᠤ ᠂ ᠵᠠᠰᠠᠭ ᠵᠠᠬᠢᠷᠭᠠᠨ ᠤ ᠡᠷᠬᠡ ᠶᠢ ᠰᠢᠨ᠎ᠡ ᠪᠠᠷ ᠨᠡᠮᠡᠭᠳᠡᠭᠦᠯᠬᠦ ᠂ ᠬᠤᠪᠢᠷᠠᠭᠤᠯᠬᠤ ᠂ ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠬᠤ ᠴᠢᠬᠤᠯᠠᠲᠠᠢ ᠪᠣᠯᠪᠠ ᠃  ︵ᠲᠦᠷᠪᠡ︶ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ ᠃  ᠠᠷᠪᠠᠨ ᠬᠤᠶᠠᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠬᠤᠶᠠᠷ ᠵᠢᠯ ᠪᠣᠯᠬᠤ ᠪᠦᠷᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠲᠦᠪᠯᠡᠷᠡᠭᠦᠯᠦᠨ ᠲᠣᠬᠢᠷᠠᠭᠤᠯᠤᠯᠲᠠ ᠬᠢᠵᠦ ᠂ ᠲᠣᠬᠢᠷᠠᠭᠤᠯᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠲᠡᠯᠡᠨ᠎ᠡ ᠃  ᠠᠷᠪᠠᠨ ᠭᠤᠷᠪᠠᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠲᠣᠬᠢᠷᠠᠭᠤᠯᠬᠤ ᠠᠴᠠ ᠡᠮᠦᠨ᠎ᠡ ᠂ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠨᠢᠭᠡᠨᠲᠡ ᠳᠣᠷᠣᠭᠰᠢ ᠪᠠᠭᠤᠯᠭᠠᠭᠰᠠᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ ᠃ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠠᠴᠠ ᠳᠡᠭᠡᠳᠦ ᠱᠠᠲᠤᠨ ᠠᠴᠠ ᠬᠤᠷᠢᠶᠠᠬᠤ ᠴᠢᠬᠤᠯᠠᠲᠠᠢ ᠭᠡᠵᠦ ᠦᠵᠡᠭᠰᠡᠨ ᠪᠠᠶᠢᠪᠠᠯ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠲᠣᠬᠢᠷᠠᠭᠤᠯᠬᠤ ᠦᠶ᠎ᠡ ᠳᠤ ᠬᠠᠮᠲᠤ ᠳᠤ ᠨᠢ ᠬᠤᠷᠢᠶᠠᠨ᠎ᠠ ᠃  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠡᠳᠦᠷ ᠲᠤᠲᠤᠮ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠶᠢᠨ ᠦᠨᠡᠯᠡᠨ ᠵᠢᠱᠢᠬᠦ ᠳᠤᠮᠳᠠ ᠂ ᠳᠡᠭᠡᠳᠦ ᠱᠠᠲᠤᠨ ᠠᠴᠠ ᠬᠤᠷᠢᠶᠠᠬᠤ ᠴᠢᠬᠤᠯᠠᠲᠠᠶ ᠭᠡᠵᠦ ᠦᠵᠡᠪᠡᠯ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠴᠠᠭ ᠲᠤᠬᠠᠶ ᠳᠤᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠲᠣᠭᠲᠠᠭᠠᠯᠭᠠᠨ᠎ᠠ ᠃  ᠠᠷᠪᠠᠨ ᠳᠥᠷᠪᠡᠳᠦᠭᠡᠷ ᠵᠤᠷᠪᠤᠰ  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠲᠤᠰᠬᠠᠢ ᠲᠣᠬᠢᠷᠠᠭᠤᠯᠤᠯᠲᠠ ᠬᠢᠭᠰᠡᠨ ᠪᠠᠶᠢᠪᠠᠯ ᠂ ᠲᠣᠬᠢᠷᠠᠭᠤᠯᠤᠯᠲᠠ ᠬᠢᠭᠰᠡᠨ ᠤᠴᠢᠷ ᠰᠢᠯᠲᠠᠭᠠᠨ ᠡᠭᠦᠰᠦᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠢᠨᠠᠨ ᠲᠣᠭᠲᠠᠭᠠᠯᠭᠠᠬᠤ ᠪᠠᠷ ᠳᠡᠪᠰᠢᠭᠦᠯᠵᠦ ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠠᠴᠠ ᠨᠡᠶᠢᠭᠡᠮ ᠳᠤ ᠨᠡᠶᠢᠲᠡᠯᠡᠨ᠎ᠡ︔ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠷᠣᠨ ᠨᠤᠲᠤᠭ ᠲᠤ ᠪᠠᠶᠢᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠲᠤᠰᠬᠠᠢ ᠲᠣᠬᠢᠷᠠᠭᠤᠯᠤᠯᠲᠠ ᠬᠢᠭᠰᠡᠨ ᠪᠠᠶᠢᠪᠠᠯ ᠂ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠨ ᠠᠳᠠᠯᠢ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠬᠦ ᠬᠡᠷᠡᠭᠲᠡᠢ ᠃  ᠠᠷᠪᠠᠨ ᠲᠠᠪᠤᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠬᠦ ᠳᠡᠭᠡᠨ ᠳᠣᠤᠷᠠᠬᠢ ᠮᠡᠲᠦ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠶ᠄  ︵ᠨᠢᠭᠡ︶ ᠵᠠᠰᠠᠭ ᠵᠠᠬᠢᠷᠭᠠᠨ ᠤ ᠡᠷᠬᠡ ᠶᠢᠨ ᠨᠡᠷᠡᠶᠢᠳᠦᠯ ᠂ ᠲᠦᠷᠦᠯ ᠬᠡᠯᠪᠡᠷᠢ ᠂ ᠲᠣᠭᠲᠠᠭᠠᠭᠰᠠᠨ ᠦᠨᠳᠦᠰᠦᠯᠡᠯ ᠂ ᠬᠠᠷᠢᠭᠤᠴᠠᠯᠭ᠎ᠠ ᠶᠢᠨ ᠭᠤᠣᠯ ᠴᠣᠭᠴᠠ ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠯᠪᠡᠷᠢ ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠂ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠢᠴᠢ ᠤᠴᠢᠷ ᠰᠢᠯᠲᠠᠭᠠᠨ ᠳᠤ ᠲᠤᠬᠢᠷᠠᠭᠤᠯᠤᠯᠳᠠ ᠬᠢᠪᠡ︔  ︵ᠬᠤᠶᠠᠷ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ︔  ︵ᠭᠤᠷᠪᠠ︶ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠳᠤ ᠬᠤᠯᠪᠣᠭᠳᠠᠭᠰᠠᠨ ᠪᠠᠶᠢᠪᠠᠯ ᠂ ᠵᠢᠯᠣᠭᠤᠳᠬᠤ ᠰᠠᠨᠠᠯ ᠪᠣᠯᠣᠨ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠳᠠᠭᠠᠭᠠᠨ ᠠᠪᠬᠤ ᠰᠠᠨᠠᠯ ᠢ ᠮᠡᠳᠡᠭᠦᠯᠦᠨ ᠬᠦᠷᠭᠡᠬᠦ ᠬᠡᠷᠡᠭᠲᠡᠢ︔  ︵ᠲᠦᠷᠪᠡ︶ ᠵᠠᠰᠠᠭ ᠵᠠᠬᠢᠷᠭᠠᠨ ᠤ ᠡᠷᠬᠡ ᠶᠢ ᠨᠢᠭᠡᠨᠲᠡ ᠳᠣᠷᠣᠭᠰᠢ ᠪᠠᠭᠤᠯᠭᠠᠭᠰᠠᠨ ᠪᠣᠯ ᠳᠠᠭᠠᠭᠠᠨ ᠠᠪᠤᠭᠰᠠᠨ ᠪᠠᠶᠢᠳᠠᠯ ᠤᠨ ᠲᠤᠬᠠᠶ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ︔  ︵ᠲᠠᠪᠤ︶ ᠪᠤᠰᠤᠳ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠳᠤ ᠬᠤᠯᠪᠣᠭᠳᠠᠪᠠᠯ ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠳᠤ ᠬᠤᠯᠪᠣᠭᠳᠠᠬᠤ ᠰᠠᠨᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ ᠃  ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠣᠷᠣᠨ ᠨᠤᠲᠤᠭ ᠲᠤ ᠪᠠᠶᠢᠭᠤᠯᠤᠭᠰᠠᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠳᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠣᠬᠢᠷᠠᠭᠤᠯᠵᠤ ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ ᠃  ᠭᠤᠷᠪᠠᠳᠤᠭᠠᠷ ᠪᠦᠯᠦᠭ ᠨᠡᠶᠢᠲᠡᠯᠡᠬᠦ ᠪᠠ ᠬᠡᠷᠡᠭᠵᠢᠭᠦᠯᠬᠦ  ᠠᠷᠪᠠᠨ ᠵᠢᠷᠭᠤᠳᠤᠭᠠᠷ ᠵᠤᠷᠪᠤᠰ  ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠠᠴᠠ ᠭᠠᠳᠠᠨ᠎ᠠ ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠂ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠂ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠵᠡᠷᠭᠡ ᠠᠴᠢᠶᠠᠯᠠᠪᠤᠷᠢ ᠪᠠ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ ᠃  ᠠᠷᠪᠠᠨ ᠳᠣᠯᠣᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠬᠢᠨᠠᠨ ᠲᠣᠭᠲᠠᠭᠠᠭᠰᠠᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠲᠠᠨᠢᠵᠤ ᠠᠪᠬᠤ ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠡᠯᠧᠮᠧᠨ᠋ᠲ ᠢ ᠲᠣᠬᠢᠷᠠᠭᠤᠯᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠶ ᠃  ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠬᠦ ᠪᠠᠶᠢᠭᠤᠯᠭ᠎ᠠ ᠨᠢ ᠲᠣᠰ ᠠᠵᠢᠯ ᠲᠥᠷᠥᠯ ᠂ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠦᠨᠳᠦᠰᠦᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠪᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠦᠨᠳᠦᠰᠦᠨ ᠭᠠᠷᠴᠠᠭ ᠢ ᠡᠮᠬᠢᠯᠡᠬᠦ ᠬᠡᠷᠡᠭᠲᠡᠶ ᠃  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠰᠢᠯᠤᠭᠤᠳᠬᠠᠬᠤ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ ᠂ ᠨᠣᠮᠧᠷᠯᠠᠬᠤ ᠂ ᠲᠥᠷᠥᠯ ᠬᠡᠯᠪᠡᠷᠢ ᠂ ᠲᠣᠭᠲᠠᠭᠠᠭᠰᠠᠨ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ ᠪᠠ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠂ ᠦᠢᠯᠡᠴᠢᠯᠡᠬᠦ ᠡᠲᠡᠭᠡᠳ ᠂ ᠭᠦᠢᠴᠡᠳᠬᠡᠬᠦ ᠴᠤᠪᠤᠷᠠᠯ ᠂ ᠭᠤᠶᠤᠴᠢᠯᠠᠬᠤ ᠮᠠᠲ᠋ᠧᠷᠢᠶᠠᠯ ᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ ᠂ ᠭᠦᠢᠴᠡᠳᠬᠡᠭᠰᠡᠨ ᠦᠷ᠎ᠡ ᠳ᠋ᠦᠩ ᠂ ᠲᠤᠬᠠᠶᠢᠯᠠᠭᠰᠠᠨ ᠠᠵᠢᠯ ᠤᠨ ᠭᠦᠢᠴᠡᠳᠬᠡᠭᠰᠡᠨ ᠵᠦᠢᠯ ᠢ ᠰᠠᠯᠭᠠᠬᠤ ᠪᠠᠷᠢᠮᠵᠢᠶ᠎ᠠ ᠂ ᠬᠠᠤᠯᠢ ᠪᠠᠷ ᠲᠣᠭᠲᠠᠭᠠᠭᠰᠠᠨ ᠵᠠᠭᠤᠴᠢ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠴᠦᠨ ᠵᠦᠢᠯ ᠢ ᠨᠢᠭᠡᠳᠬᠡᠨ᠎ᠡ ᠃  ᠬᠢᠨᠠᠨ ᠬᠠᠮᠢᠶᠠᠷᠬᠤ ᠵᠦᠢᠯᠡᠰ ᠤᠨ ᠦᠨᠳᠦᠰᠦᠨ ᠭᠠᠷᠴᠠᠭ ᠢ ᠨᠢᠭᠡᠳᠦᠯᠲᠡᠶ ᠬᠢᠨᠠᠨ ᠬᠠᠮᠢᠶᠠᠷᠬᠤ ᠵᠦᠢᠯᠡᠰ ᠤᠨ ᠨᠡᠷᠡᠶᠢᠳᠦᠯ ᠂ ᠨᠣᠮᠧᠷᠯᠠᠬᠤ ᠂ ᠲᠥᠷᠥᠯ ᠬᠡᠯᠪᠡᠷᠢ ᠂ ᠲᠣᠭᠲᠠᠭᠠᠭᠰᠠᠨ ᠦᠨᠳᠦᠰᠦᠯᠡᠯ ᠂ ᠬᠢᠨᠠᠨ ᠬᠠᠮᠢᠶᠠᠷᠬᠤ ᠳᠡᠰ ᠳᠠᠪᠬᠤᠷᠭ᠎ᠠ ᠵᠡᠷᠭᠡ ᠦᠨᠳᠦᠰᠦᠨ ᠬᠦᠴᠦᠨ ᠵᠦᠢᠯ ᠪᠠ ᠬᠢᠨᠠᠨ ᠬᠠᠮᠢᠶᠠᠷᠬᠤ ᠡᠲᠡᠭᠡᠳ ᠂ ᠠᠷᠭ᠎ᠠ ᠮᠠᠶ᠋ᠢᠭ ᠂ ᠴᠤᠪᠤᠷᠠᠯ ᠂ ᠦᠷ᠎ᠡ ᠳ᠋ᠦᠩ ᠵᠡᠷᠭᠡ ᠭᠤᠤᠯᠳᠠᠯᠭ᠎ᠠ ᠲᠠᠢ ᠬᠦᠴᠦᠨ ᠵᠦᠢᠯ ᠢ ᠰᠢᠯᠤᠭᠤᠳᠬᠠᠨ᠎ᠠ ᠃  ᠠᠷᠪᠠᠨ ᠨᠠᠢᠮᠠᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠡᠮᠬᠢᠯᠡᠨ ᠲᠢᠭᠯᠡᠬᠦ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠨᠢ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠴᠣᠮᠬᠠᠳᠬᠠᠵᠤ ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ ᠳᠦᠭᠦᠮᠴᠢᠯᠡᠨ ᠂ ᠭᠦᠢᠴᠡᠳᠭᠡᠬᠦ ᠴᠠᠭ ᠬᠤᠭᠤᠴᠠᠭ᠎ᠠ ᠶᠢ ᠪᠣᠭᠤᠨᠢᠰᠬᠠᠵᠤ ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠬᠤ ᠬᠡᠷᠡᠭᠲᠡᠢ ᠃  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠨᠢ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠂ ᠥᠪᠥᠷ ᠮᠣᠩᠭᠤᠯ ᠤᠨ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠂ ᠶᠡᠷᠦᠩᠬᠡᠶᠢᠯᠡᠭᠰᠡᠨ ᠴᠢᠨᠠᠷᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠲᠤ ᠬᠤᠯᠪᠣᠭᠳᠠᠭᠤᠯᠤᠨ ᠳᠡᠯᠭᠡᠨ ᠦᠵᠡᠭᠦᠯᠵᠦ ᠂ ᠠᠳᠠᠯᠢ ᠡᠬᠢ ᠲᠠᠢ ᠪᠠᠷ ᠨᠡᠶᠢᠲᠡᠯᠡᠬᠦ ᠂ ᠵᠡᠷᠭᠡ ᠪᠠᠷ ᠰᠢᠨᠡᠳᠬᠡᠬᠦ ᠶᠢ ᠬᠡᠷᠡᠭᠵᠢᠭᠦᠯᠦᠨ ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠭᠤᠷᠬᠢ ᠶᠢ ᠨᠢᠭᠡ ᠴᠣᠭᠴᠠᠵᠢᠭᠤᠯᠤᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠃  ᠠᠷᠪᠠ ᠶᠢᠰᠦᠳᠦᠭᠡᠷ ᠵᠤᠷᠪᠤᠰ  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠡᠷᠬᠡ ᠳᠤ ᠮᠠᠷᠭᠤᠯᠳᠤᠭᠠᠨ ᠭᠠᠷᠪᠠᠯ ᠂ ᠮᠠᠷᠭᠤᠯᠳᠤᠭᠠᠨ ᠤ ᠡᠯ᠎ᠡ ᠲᠠᠯ᠎ᠠ ᠶᠢᠨ ᠬᠢᠨ ᠵᠥᠪᠳᠡᠯᠴᠡᠨ ᠰᠢᠢᠳᠪᠦᠷᠢᠯᠡᠨ᠎ᠡ︔ ᠵᠥᠪᠳᠡᠯᠴᠡᠭᠡᠳ ᠪᠦᠲᠦᠬᠦ ᠦᠭᠡᠶ ᠪᠣᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ︔ ᠮᠥᠨ ᠬᠦ ᠰᠠᠨᠠᠯ ᠨᠢᠭᠡᠳᠴᠦ ᠳᠡᠶᠢᠯᠬᠦ ᠦᠭᠡᠶ ᠪᠣᠯ ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ ᠃  ᠬᠤᠷᠢᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠶᠢᠨ ᠶᠣᠰᠤᠭᠠᠷ ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠬᠡᠷᠡᠭᠲᠡᠢ ᠃  ᠬᠤᠷᠢᠨ ᠨᠢᠭᠡᠳᠦᠭᠡᠷ ᠵᠤᠷᠪᠤᠰ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ ᠂ ᠠᠷᠠᠳ ᠢᠷᠭᠡᠨ ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠂ ᠰᠠᠨᠠᠭᠤᠯᠭ᠎ᠠ ᠶᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠃  ᠬᠤᠷᠢᠨ ᠬᠤᠶᠠᠳᠤᠭᠠᠷ ᠵᠤᠷᠪᠤᠰ  ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠳᠣᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠶ᠄  ︵ᠨᠢᠭᠡ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠣᠷᠣᠭᠤᠯᠤᠭᠰᠠᠨ ᠥᠬᠡᠶ ᠪᠥᠭᠡᠳ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠥᠬᠡᠶ ᠵᠠᠰᠠᠭ ᠵᠠᠬᠢᠷᠭᠠᠨ ᠤ ᠡᠷᠬᠡ︔  ︵ᠬᠤᠶᠠᠷ︶ ᠨᠢᠭᠡᠨᠲᠡ ᠦᠭᠡᠶᠢᠰᠬᠡᠭᠰᠡᠨ ᠪᠤᠶᠤ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠃  ︵ᠭᠤᠷᠪᠠ︶ ᠵᠠᠰᠠᠭ ᠵᠠᠬᠢᠷᠭᠠᠨ ᠤ ᠡᠷᠬᠡ ᠶᠢᠨ ᠲᠣᠳᠣᠷᠬᠠᠢ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠢ ᠲᠦᠯᠬᠢᠯᠴᠡᠬᠦ ᠪᠤᠶᠤ ᠬᠤᠶᠢᠷᠭᠤᠰᠢᠬᠤ︔  ︵ᠲᠦᠷᠪᠡ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠃  ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ  ᠬᠤᠷᠢᠨ ᠭᠤᠷᠪᠠᠳᠤᠭᠠᠷ ᠵᠤᠷᠪᠤᠰ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ ᠂ ᠲᠡᠷᠡ ᠲᠣᠭᠲᠠᠭᠠᠯ ᠢ ᠵᠢᠷᠤᠮᠯᠠᠨ᠎ᠠ ᠃  ᠬᠤᠷᠢᠨ ᠳᠥᠷᠪᠡᠳᠣᠭᠡᠷ ᠵᠤᠷᠪᠤᠰ  ᠲᠣᠰ ᠠᠷᠭ᠎ᠠ ᠶᠢᠨ ᠲᠣᠠᠠᠳᠠᠭᠠᠯ ᠠᠴᠠ ᠵᠦᠷᠢᠴᠡᠵᠦ ᠂ ᠵᠠᠰᠠᠭ ᠵᠠᠬᠢᠷᠭᠠᠨ ᠤ ᠡᠷᠬᠡ ᠶᠢ ᠭᠡᠷᠡᠭᠵᠢᠬᠦᠯᠬᠦ ᠪᠠᠶᠢᠭᠤᠯᠭ᠎ᠠ ᠳᠤ ᠲᠣᠣᠷᠡᠬᠢ ᠪᠠᠶᠢᠳᠡᠯ ᠤᠨ ᠨᠢᠭᠡ ᠨᠢ ᠪᠠᠶᠢᠪᠠᠯ ᠂ ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠣ ᠶᠢᠨ ᠬᠠᠮᠢᠶᠡᠷᠦᠯᠳᠡ ᠶᠢᠨ ᠰᠠᠯᠠᠭ᠎ᠠ ᠮᠦᠴᠢᠷ ᠠᠴᠠ ᠵᠠᠷᠯᠢᠠᠠᠳᠠᠨ ᠬᠤᠭᠤᠴᠠᠭ᠎ᠠ ᠬᠢᠵᠠᠭᠠᠷᠯᠡᠨ ᠵᠠᠯᠠᠷᠡᠭᠤᠯᠬᠤ ᠪᠠᠷ ᠵᠠᠷᠯᠢᠠᠠᠳᠡᠨ᠎ᠠ︔ ᠪᠠᠶᠢᠳᠡᠯ ᠨᠢ ᠬᠦᠨᠳᠦ ᠨᠣᠴᠢᠳᠡᠢ ᠪᠠᠶᠢᠪᠠᠯ ᠂ ᠡᠷᠬᠡ ᠲᠠᠢ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠭᠤᠤᠯᠴᠢᠯᠠᠨ ᠬᠠᠮᠢᠶᠡᠷᠬᠤ ᠬᠦᠮᠦᠨ ᠪᠠ ᠪᠤᠰᠣᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠦᠯᠢ ᠶᠣᠰᠣᠭᠠᠷ ᠰᠢᠢᠳᠭᠡᠯ ᠦᠭᠬᠦᠨ᠎ᠠ᠄  ︵ᠨᠢᠭᠡ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠭᠰᠡᠨ ᠦᠭᠡᠢ︔  ︵ᠬᠤᠶᠠᠷ︶ ᠲᠣᠰ ᠱᠠᠳᠣᠨ ᠤ ᠠᠷᠡᠳ ᠤᠨ ᠵᠠᠰᠠᠭ ᠤᠨ ᠣᠷᠳᠣᠨ ᠤ ᠬᠢᠨᠡᠨ ᠲᠣᠠᠠᠳᠠᠭᠠᠬᠤ ᠶᠢ ᠳᠠᠮᠵᠢᠭᠰᠠᠨ ᠦᠭᠡᠢ ᠪᠠᠷ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠣ ᠶᠢ ᠲᠣᠷ᠎ᠠ ᠪᠠᠷ ᠢᠶᠠᠨ ᠲᠣᠬᠢᠷᠠᠭᠤᠯᠬᠤ︔  ︵ᠭᠤᠷᠪᠠ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠳᠤ ᠣᠷᠣᠭᠤᠯᠤᠭᠰᠠᠨ ᠥᠬᠡᠶ ᠪᠥᠭᠡᠳ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠥᠬᠡᠶ ᠵᠠᠰᠠᠭ ᠵᠠᠬᠢᠷᠭᠠᠨ ᠤ ᠡᠷᠬᠡ︔  ︵ᠲᠦᠷᠪᠡ︶ ᠨᠢᠭᠡᠨᠲᠡ ᠦᠭᠡᠶᠢᠰᠬᠡᠭᠰᠡᠨ ᠪᠤᠶᠤ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ︔  ︵ᠲᠠᠪᠤ︶ ᠬᠠᠷᠢᠯᠴᠠᠨ ᠲᠦᠯᠬᠢᠯᠴᠡᠬᠦ ᠪᠤᠶᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤᠨ ᠳᠤ ᠣᠷᠣᠭᠤᠯᠬᠤ ᠶᠢ ᠤᠳᠠᠭᠠᠰᠢᠷᠠᠭᠤᠯᠤᠭᠰᠠᠨ ᠵᠠᠰᠠᠭ ᠵᠠᠬᠢᠷᠭᠠᠨ ᠤ ᠡᠷᠬᠡ ᠃  ᠬᠤᠷᠢᠨ ᠲᠠᠪᠤᠳᠣᠭᠠᠷ ᠵᠤᠷᠪᠤᠰ  ᠵᠠᠰᠠᠭ ᠵᠠᠬᠢᠷᠭᠠᠨ ᠤ ᠡᠷᠭᠡ ᠶᠢᠨ ᠨᠠᠷᠢᠨ ᠬᠠᠭᠤᠳᠠᠰᠣ ᠶᠢᠨ ᠬᠠᠮᠢᠶᠡᠷᠦᠯᠳᠡ ᠶᠢᠨ ᠠᠵᠢᠯ ᠤᠨ ᠲᠣᠮᠳᠡ ᠪᠠᠨ ᠲᠣᠰᠢᠶᠡᠯ ᠳᠠᠭᠠᠨ ᠣᠰᠣᠯᠳ᠋ᠬᠠᠰᠠᠨ ᠂ ᠡᠷᠬᠡ ᠲᠣᠰᠢᠶᠡᠯ ᠢᠶᠠᠨ ᠲᠣᠷ᠎ᠠ ᠪᠠᠷ ᠢᠶᠠᠨ ᠭᠡᠷᠡᠭᠯᠡᠨ ᠂ ᠬᠤᠪᠢ ᠶᠢᠨ ᠨᠠᠶᠢᠷ ᠢᠶᠠᠷ ᠬᠠᠦᠯᠢ ᠶᠣᠰᠣ ᠶᠢ ᠵᠦᠷᠢᠴᠡᠭᠰᠡᠨ ᠪᠠᠶᠢᠪᠠᠯ ᠂ ᠰᠢᠭᠤᠳ ᠬᠠᠷᠢᠭᠤᠴᠠᠵᠦ ᠪᠦᠬᠦᠢ ᠭᠤᠤᠯᠴᠢᠯᠠᠨ ᠬᠠᠮᠢᠶᠡᠷᠬᠤ ᠬᠦᠮᠦᠨ ᠪᠠ ᠪᠤᠰᠣᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠦᠯᠢ ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠣᠯ ᠂ ᠬᠠᠦᠯᠢ ᠶᠣᠰᠣᠭᠠᠷ ᠡᠷᠡᠬᠦᠥ ᠶᠢᠨ ᠬᠠᠷᠢᠭᠤᠴᠠᠯᠭ᠎ᠠ ᠨᠡᠭᠡᠮᠵᠢᠯᠡᠨ᠎ᠠ ᠃  ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ  ᠬᠤᠷᠢᠨ ᠵᠢᠷᠭᠤᠳᠤᠭᠠᠷ ᠵᠤᠷᠪᠤᠰ  ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠪᠠᠶᠢᠭᠤᠯᠭ᠎ᠠ ᠭᠡᠳᠡᠭ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠪᠣᠯᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠂ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ ᠶᠢᠨ ᠴᠤᠪᠤᠷᠠᠯ ᠳᠤ ᠣᠷᠣᠭᠤᠯᠬᠤ ᠶᠢᠨ ᠬᠠᠮᠲᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠭᠦᠢᠴᠡᠳᠬᠡᠬᠦ ᠪᠠᠶᠢᠭᠤᠯᠤᠮᠵᠢ ᠂ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ ᠳᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠫᠠᠶᠢᠰᠠ ᠡᠯᠭᠦᠨ ᠭᠦᠢᠴᠡᠳᠬᠡᠬᠦ ᠪᠠᠶᠢᠭᠤᠯᠤᠮᠵᠢ ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠷᠣᠨ ᠨᠤᠲᠤᠭ ᠲᠤ ᠪᠠᠶᠢᠭᠤᠯᠤᠭᠰᠠᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠵᠢᠴᠢ ᠬᠠᠤᠯᠢ ᠴᠠᠭᠠᠵᠠ ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠶᠢ ᠵᠢᠭᠠᠨ᠎ᠠ ᠃  ᠬᠤᠷᠢᠨ ᠳᠣᠯᠣᠳᠤᠭᠠᠷ ᠵᠤᠷᠪᠤᠰ  ᠲᠣᠰ ᠠᠷᠭ᠎ᠠ ᠶᠢ 2025 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号