ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ | ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ | ᠠᠰᠠᠭᠤᠳᠠᠯ ᠪᠤᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ ᠃ ᠳᠤᠮᠳᠠᠳᠤ | ᠤᠯᠤᠰ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ ᠂ ᠬᠥᠮᠥᠨ ᠲᠥᠷᠥᠯᠬᠢᠲᠡᠨ ᠤ ᠶᠠᠳᠠᠭᠤ | ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ | ᠡᠴᠦᠰ ᠲᠡᠭᠡᠨ ᠬᠥᠭᠵᠢᠯᠲᠡ ᠶᠢᠨ ᠠᠰᠠᠭᠤᠳᠠᠯ ᠪᠣᠯᠣᠨ᠎ᠠ ᠃ ᠣᠶᠢᠷ᠎ᠠ ᠶᠢᠨ ᠵᠢᠯ ᠠᠴᠠ ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ | ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠢᠯᠡᠳᠲᠡ ᠦᠷ᠎ᠡ ᠪᠦᠲᠦᠮᠵᠢ | ᠣᠯᠪᠠ ᠃ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ | ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠲᠦᠷᠦ ᠶᠢᠨ | ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ | ᠰᠦᠪᠡᠭᠴᠢᠯᠡᠵᠦ ᠂ ᠶᠠᠳᠠᠭᠤ ᠬᠦᠴᠢᠷᠳᠡᠯ ᠠᠴᠠ ᠵᠠᠶᠢᠳᠠᠭᠰᠠᠨ ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ | ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ ᠂ ︽ | ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ | ᠬᠠᠮᠲᠤᠷᠠᠯᠴᠠᠭ᠎ᠠ ᠶᠢᠨ ᠵᠥᠪᠯᠡᠯ ᠪᠣᠯᠣᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ ᠃ | | |