ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ | ᠰᠢᠨᠵᠢᠯᠡᠨ ᠪᠠᠶᠢᠴᠠᠭᠠᠬᠤ ᠳᠠᠭᠠᠨ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠾᠧᠨᠠᠨ ᠮᠤᠵᠢ ᠶᠢᠨ ᠬᠢᠨ ᠨᠠᠮ ᠤᠨ | ᠲᠥᠪ ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ | ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ ᠂ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ | ᠴᠢᠩᠭᠠᠳᠬᠠᠵᠤ ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ ᠃ | | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ | ᠦᠳᠡ ᠶᠢᠨ ᠬᠤᠶᠢᠨ᠎ᠠ ᠂ ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠣᠶᠤᠨᠴᠢ ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠲᠠᠢ ᠬᠠᠮᠲᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠯᠦᠧᠧᠶᠠᠩ ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ ᠃ | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ | ᠦᠳᠡ ᠶᠢᠨ ᠬᠤᠶᠢᠨ᠎ᠠ ᠂ ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ | ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ | ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ ᠃ ᠲᠤᠰ ᠺᠤᠮᠫᠠᠨᠢ ᠪᠣᠯ ︽ | ᠠᠩᠬᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ | ᠯᠦᠧᠧᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠣᠨ᠎ᠠ ᠃ ᠣᠶᠤᠨᠴᠢ ᠦᠢᠯᠡᠳᠪᠦᠷᠢ ᠳᠤ ᠂ ᠰᠢ ᠶᠢᠨ ᠫᠢᠩ ᠠᠵᠤ | ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ ᠂ ᠠᠳᠠᠯᠢ ᠪᠤᠰᠤ ᠲᠥᠷᠥᠯ ᠭᠡᠯᠪᠡᠷᠢ ᠶᠢᠨ | ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ ᠂ | ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ ᠃ | ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠂ ᠦᠢᠯᠡᠳᠬᠦ ᠦᠢᠯᠡᠰ ᠪᠣᠯ ᠤᠯᠤᠰ | ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠢ ᠵᠣᠬᠢᠰᠲᠠᠢ | ᠬᠤᠪᠢ ᠶᠢᠨ ᠵᠢᠩ ᠢ ᠪᠠᠲᠤᠯᠠᠬᠤ ᠬᠡᠷᠡᠭᠲᠡᠢ ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ ᠂ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ | ᠵᠠᠮ ᠢᠶᠠᠷ ᠵᠠᠮᠨᠠᠬᠤ ᠬᠡᠷᠡᠭᠲᠡᠢ ᠭᠡᠵᠦ ᠬᠡᠯᠡᠪᠡ ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ | ᠪᠠᠳᠠᠷᠠᠭᠤᠯᠵᠤ ᠂ ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ ᠂ ᠢᠯᠡᠭᠦᠬᠡᠨ ᠬᠤᠪᠢ ᠨᠡᠮᠡᠷᠢ | ᠦᠵᠡᠭᠦᠯᠦᠭᠡᠷᠡᠢ ᠭᠡᠵᠦ ᠵᠣᠷᠢᠭᠵᠢᠭᠤᠯᠪᠠ ᠃ | ᠲᠠᠷᠠᠭ᠎ᠠ ᠨᠢ ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ | ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ | ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ | ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ ᠂ ᠬᠥᠭᠵᠢᠭᠰᠡᠨ ᠪᠠ ᠲᠠᠰᠤᠷᠠᠯᠲᠠ ᠦᠭᠡᠢ | ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ ᠃ ᠮᠠᠨ ᠤ ᠤᠯᠤᠰ ᠤᠨ ᠱᠠᠰᠢᠨ ᠰᠤᠷᠲᠠᠬᠤᠨ ᠢ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ ᠂ ᠱᠠᠰᠢᠨ | ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ | ᠠᠭᠤᠰᠤᠯᠴᠠᠭᠤᠯᠵᠤ ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ | ᠰᠣᠶᠣᠯ ᠤᠨ ᠥᠪ ᠪᠣᠯᠣᠨ᠎ᠠ ᠃ ᠰᠢ ᠶᠢᠨ ᠫᠢᠩ ᠠᠳᠡ ᠢᠷᠡᠵᠤ ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ ᠂ ᠭᠦᠷᠦᠭ | ᠵᠢᠷᠤᠭ ᠢ ᠪᠠᠶᠢᠴᠠᠭᠠᠨ ᠦᠵᠡᠵᠦ ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ ᠃ ᠲᠡᠷᠡ ᠂ ᠡᠳᠡᠭᠡᠷ ᠳᠤᠮᠳᠠᠳᠤ ᠶᠢᠨ ᠰᠣᠶᠣᠯ ᠤᠨ | ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ ᠂ ᠰᠠᠶᠢᠲᠤᠷ ᠤᠯᠠᠮᠵᠢᠯᠠᠵᠤ ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ | ᠱᠦᠵᠢ ᠲᠠᠢ ᠮᠡᠨᠳᠦᠴᠢᠯᠡᠵᠦ ᠪᠠᠶᠢᠯ᠎ᠠ ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ ᠂ | ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ | ᠡᠷᠢᠯᠬᠢᠯᠡᠵᠦ ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ | ᠵᠣᠷᠢᠭᠵᠢᠭᠤᠯᠪᠠ ᠃ ᠲᠡᠷᠡ ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠦᠨᠡᠨ ᠬᠦ | ᠲᠤᠯᠭᠠᠭᠤᠷᠢ ᠠᠵᠤ ᠦᠢᠯᠡᠰ ᠂ ᠠᠷᠠᠳ ᠤᠨ ᠠᠮᠢᠳᠤᠷᠠᠯ ᠤᠨ ᠠᠵᠤ ᠦᠢᠯᠡᠰ ᠂ ᠵᠣᠯ ᠵᠢᠷᠭᠠᠯᠲᠤ ᠠᠵᠤ ᠦᠢᠯᠡᠰ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ | 20 ᠤ ᠦᠳᠡ ᠶᠢᠨ ᠡᠮᠦᠨ᠎ᠡ ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠾᠧᠨᠠᠨ ᠤ ᠡᠯ᠎ᠡ ᠲᠠᠯ᠎ᠠ ᠶᠢᠨ | ᠣᠯᠣᠭᠰᠠᠨ ᠠᠮᠵᠢᠯᠲᠠ ᠶᠢ ᠨᠤᠲᠠᠯᠠᠵᠤ ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ | ᠬᠠᠨᠳᠤᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ | ᠬᠢᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ ᠂ ᠴᠢᠨᠠᠷ ᠰᠠᠶᠢᠲᠠᠢ ᠬᠥᠭᠵᠢᠯᠲᠡ ᠶᠢᠨ | ᠲᠣᠬᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠃ ᠾᠧᠨᠠᠨ | ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ | ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠤᠳᠤᠷᠢᠳᠤᠮᠵᠢ ᠪᠤᠯᠭᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ | ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠲᠠᠷᠢᠶᠠᠨ ᠭᠠᠵᠠᠷ ᠤᠨ | ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢ ᠪᠠᠲᠤ ᠡᠭᠦᠷᠭᠡᠯᠡᠨ ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ | ᠠᠬᠢᠭᠤᠯᠬᠤ ᠬᠡᠷᠡᠭᠲᠡᠢ ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ | ᠴᠥᠬᠦᠷᠡᠰᠢ ᠦᠭᠡᠢ ᠴᠢᠩᠭᠠᠳᠬᠠᠵᠤ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ | ᠭᠦᠨᠵᠡᠭᠡᠶᠢᠷᠡᠭᠦᠯᠦᠨ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ ᠂ ᠬᠥᠮᠥᠨ ᠠᠮᠠ ᠶᠢᠨ ᠨᠢᠭᠲᠠᠴᠠ ᠂ | ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ | ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ | ᠬᠡᠷᠡᠭᠲᠡᠢ ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠡᠶᠢᠭᠡᠮ ᠤᠨ ᠵᠠᠰᠠᠯᠲᠠ ᠶᠢᠨ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ | ᠠᠵᠢᠯ ᠢ ᠴᠢᠩᠭᠠᠳᠬᠠᠬᠤ ᠬᠡᠷᠡᠭᠲᠡᠢ ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ | ᠰᠠᠶᠢᠲᠤᠷ ᠨᠢᠭᠲᠠᠷᠠᠭᠤᠯᠵᠤ ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠤᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ ᠃ | ᠦᠨᠳᠦᠰᠦᠨ ᠱᠠᠲᠤ ᠶᠢ ᠠᠳᠬᠤᠬᠤ ᠂ ᠰᠠᠭᠤᠷᠢ ᠶᠢ ᠪᠠᠬᠢᠵᠢᠭᠦᠯᠬᠦ ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ ᠂ | ᠡᠬᠢ ᠪᠠᠶᠠᠯᠢᠭ ᠂ ᠦᠢᠯᠡᠴᠢᠯᠡᠭᠡ ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ ᠂ ᠨᠡᠶᠢᠭᠡᠮ ᠤᠨ | ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ ᠂ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ | ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠦᠨᠡᠨᠴᠢ ᠢᠲᠡᠭᠡᠮᠵᠢᠲᠡᠢ | ᠪᠠᠶᠢᠬᠤ ᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠂ ᠠᠵᠤ | ᠠᠬᠤᠶᠢᠯᠠᠯ ᠤᠨ ᠦᠨᠡᠨᠴᠢ ᠢᠲᠡᠭᠡᠮᠵᠢ ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ ᠂ | ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ | ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠨᠡᠶᠢᠭᠡᠮ ᠤᠨ ᠵᠠᠰᠠᠯᠲᠠ ᠶᠢ ᠠᠬᠢᠭᠤᠯᠬᠤ | ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ | ᠴᠢᠳᠠᠮᠠᠭᠠᠢ ᠪᠠᠶᠢᠵᠤ ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ | ᠨᠠᠷᠢᠯᠢᠭ ᠪᠣᠳᠠᠲᠠᠢ ᠬᠢᠬᠦ ᠬᠡᠷᠡᠭᠲᠡᠢ ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ | ᠬᠢᠵᠦ ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ | ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ | ᠠᠵᠢᠯᠯᠠᠭ᠎ᠠ ᠮᠥᠨ ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ | ᠠᠷᠭ᠎ᠠ ᠬᠡᠮᠵᠢᠶ᠎ᠡ ᠮᠥᠨ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠮᠥᠨ ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ | ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ | ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠲᠡᠮᠦᠷ ᠮᠡᠲᠦ ᠶᠣᠰᠣ ᠳᠦᠷᠢᠮ ᠢ ᠪᠤᠢ ᠪᠤᠯᠭᠠᠵᠤ ᠂ | ᠰᠤᠷᠤᠯᠴᠠᠪᠠᠯ ᠴᠢᠨᠠᠷ ᠰᠠᠶᠢᠲᠠᠢ ᠂ ᠪᠠᠶᠢᠴᠠᠭᠠᠪᠠᠯ ᠡᠷᠴᠢᠮ ᠲᠠᠢ ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ | ᠪᠠᠲᠤᠯᠠᠬᠤ ᠬᠡᠷᠡᠭᠲᠡᠢ ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ ᠂ ᠨᠠᠷᠢᠯᠢᠭ ᠣᠨᠣᠴᠠᠲᠠᠢ ᠵᠢᠯᠤᠭᠤᠳᠴᠤ ᠂ ᠡᠷᠬᠡᠪᠰᠢ ᠪᠣᠳᠠᠲᠤ | ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠵᠢᠯ ᠠᠴᠠ ᠨᠠᠭᠠᠰᠢ ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ | ᠬᠠᠭᠰᠠᠷᠠᠭᠠᠨ ᠡᠭᠦᠰᠴᠦ ᠂ ᠵᠠᠷᠢᠮ ᠨᠢ ᠪᠠᠰᠠ ᠦᠷᠭᠦᠯᠵᠢᠯᠡᠵᠦ ᠪᠤᠢ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠨᠢᠭᠲᠠ ᠬᠠᠮᠵᠢᠯᠴᠠᠨ ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ ᠂ ᠬᠤᠲᠠ ᠬᠥᠳᠡᠭᠡ ᠶᠢᠨ | ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ | ᠬᠡᠷᠡᠭᠲᠡᠢ ᠃ ᠭᠠᠩ ᠪᠠᠶᠢᠪᠠᠯ ᠤᠰᠤᠲᠤᠯ ᠪᠠᠶᠢᠵᠤ ᠮᠡᠳᠡᠨ᠎ᠡ ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠢ ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ ᠂ ᠡᠯ᠎ᠡ ᠭᠠᠵᠠᠷ ᠤᠨ ᠬᠢᠨ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ ᠂ ᠪᠡᠯᠡᠳᠬᠡᠯ ᠲᠥᠰᠥᠯ | ᠭᠦᠢᠴᠡᠳ ᠂ ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠠᠭᠤᠯᠠᠨ ᠦᠶᠡᠷ ᠂ | ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ | ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠵᠠᠢ ᠃ | |