ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2025/5/21
                ︵2025 ᠣᠨ ᠤ 5 ᠰᠠᠷ᠎ᠠ ᠶᠢᠨ 2 ᠤᠨ ᠡᠳᠦᠷ︶  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ  ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠰᠠᠨᠠᠯ ᠢ ᠳᠤᠷᠠᠳᠪᠠ ᠃  ᠨᠢᠭᠡ ᠂ ᠶᠡᠷᠦᠩᠬᠡᠢ ᠱᠠᠭᠠᠷᠳᠠᠯᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠤᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠭᠡᠯᠪᠡᠷᠢ ᠶᠢ ᠬᠤᠪᠢᠷᠠᠭᠤᠯᠵᠤ ᠂ ᠦᠷᠭᠦᠯᠵᠢᠯᠡᠬᠦᠶᠢᠴᠡ ᠬᠤᠲᠠ ᠶᠢ ᠰᠢᠨᠡᠳᠬᠡᠬᠦ ᠵᠠᠭᠪᠤᠷ ᠪᠣᠯᠣᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠠᠶᠢᠭᠤᠯᠵᠤ ᠂ ᠬᠤᠲᠠ ᠶᠢ ᠰᠢᠨᠡᠳᠬᠡᠬᠦ ᠶᠢ ᠶᠡᠭᠡ ᠪᠠᠷ ᠬᠡᠷᠡᠭᠵᠢᠭᠦᠯᠵᠦ ᠂ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ ᠂ ᠴᠢᠳᠠᠮᠵᠢ ᠶᠢ ᠲᠡᠭᠦᠯᠳᠡᠷᠵᠢᠭᠦᠯᠬᠦ ᠂ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠂ ᠤᠶᠠᠨ ᠬᠠᠲᠠᠨ ᠴᠢᠨᠠᠷ ᠲᠠᠢ ᠂ ᠣᠶᠤᠨᠲᠤ ᠬᠤᠲᠠ ᠶᠢ ᠴᠣᠭᠴᠠᠯᠠᠨ ᠪᠠᠶᠢᠭᠤᠯᠤᠨ᠎ᠠ ᠃  ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ ᠂ ᠰᠠᠶᠢᠨ ᠭᠡᠷ ᠪᠠᠶᠢᠰᠢᠩ ᠂ ᠰᠠᠶᠢᠨ ᠰᠠᠭᠤᠭᠠᠯᠢ ᠠᠷᠠᠳ ᠤᠨ ᠲᠣᠭᠤᠷᠢᠭ ᠂ ᠰᠠᠶᠢᠨ ᠨᠡᠶᠢᠭᠡᠮ ᠲᠣᠭᠤᠷᠢᠭ ᠂ ᠰᠠᠶᠢᠨ ᠬᠤᠲᠠ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ︔ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠳᠦᠳᠭᠡᠵᠦ ᠂ ᠪᠦᠭᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠤᠶ ᠪᠤᠯᠭᠠᠵᠤ ᠂ ᠬᠤᠲᠠ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠠᠭᠤᠷᠢ ᠦᠢᠯᠡᠳᠦᠯ ᠢ ᠴᠢᠩᠭᠠᠳᠬᠠᠵᠤ ᠂ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ︔ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠬᠤᠲᠠ ᠶᠢᠨ ᠠᠵᠢᠯᠯᠠᠭᠠᠨ ᠳᠤᠮᠳᠠᠬᠢ ᠠᠶᠤᠯ ᠲᠦᠭᠰᠢᠭᠦᠷᠢ ᠥᠷᠢᠰᠦᠯᠳᠦᠭᠡᠨ ᠢ ᠰᠡᠷᠭᠡᠶᠢᠯᠡᠨ ᠠᠷᠭᠠᠴᠠᠭᠠᠵᠤ ᠂ ᠬᠤᠲᠠ ᠶᠢᠨ ᠤᠶᠠᠨ ᠬᠠᠲᠠᠨ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ︔ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ ᠂ ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ ᠶᠢ ᠪᠠᠷᠢᠮᠲᠠᠯᠠᠵᠤ ᠂ ᠬᠤᠳᠠ ᠶᠢ ᠰᠢᠨᠡᠳᠬᠡᠬᠦ ᠪᠦᠭᠦ ᠶᠠᠪᠤᠴᠠ ᠂ ᠡᠯ᠎ᠡ ᠭᠤᠭᠴᠤᠭ᠎ᠠ ᠳᠤ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ︔ ᠦᠨᠡᠨ ᠠᠴᠠ ᠵᠥᠪ ᠢ ᠡᠷᠢᠬᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠂ ᠴᠢᠳᠠᠯ ᠢᠶᠠᠷ ᠢᠶᠠᠨ ᠴᠢᠷᠮᠠᠶᠢᠬᠤ ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ ᠂ ᠠᠷᠠᠳ ᠢ ᠵᠦᠳᠡᠭᠡᠵᠦ ᠡᠳ᠋ ᠢ ᠰᠦᠢᠳᠬᠡᠬᠦ ︽ᠨᠢᠭᠤᠷ ᠲᠠᠯ᠎ᠠ ᠶᠢᠨ ᠢᠨᠵᠧᠨᠧᠷᠢᠩ︾ ᠂ ︽ᠳᠦᠷᠢ ᠲᠥᠷᠬᠦ ᠶᠢᠨ ᠢᠨᠵᠧᠨᠧᠷᠢᠩ︾ ᠢ ᠬᠢᠬᠦ ᠦᠭᠡᠢ ᠪᠠᠶᠢᠬᠤ ᠬᠡᠷᠡᠭᠲᠡᠢ ᠃  ᠭᠤᠣᠯ ᠬᠠᠷᠠᠯᠲᠠ ᠪᠣᠯ᠄ 2030 ᠣᠨ ᠪᠤᠯᠬᠤ ᠳᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠴᠢᠬᠤᠯᠠ ᠠᠬᠢᠴᠠ ᠲᠠᠢ ᠪᠤᠯᠭᠠᠵᠤ ᠂ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠨᠡᠩ ᠪᠠᠬᠢᠵᠢᠭᠦᠯᠵᠦ ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ ᠂ ᠠᠵᠤ ᠠᠬᠤᠢ ᠶᠢᠨ ᠡᠵᠡᠩᠨᠡᠯᠲᠡ ᠶᠢᠨ ᠭᠡᠯᠪᠡᠷᠢ ᠶᠢ ᠨᠡᠩ ᠪᠠᠶᠠᠯᠢᠭᠵᠢᠭᠤᠯᠵᠤ ᠂ ᠰᠣᠶᠣᠯ ᠤᠨ ᠥᠪ ᠢ ᠪᠦᠲᠦᠮᠵᠢᠲᠡᠢ ᠬᠠᠮᠠᠭᠠᠯᠠᠵᠤ ᠂ ᠬᠡᠪ ᠨᠠᠮᠪᠠᠭ᠎ᠠ ᠣᠨᠴᠠᠯᠢᠭ ᠢ ᠨᠡᠩ ᠢᠯᠡᠷᠡᠭᠦᠯᠵᠦ ᠂ ᠬᠤᠲᠠ ᠶᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠣᠷᠣᠨ ᠵᠠᠢ ᠪᠣᠯᠭᠠᠨ᠎ᠠ ᠃  ᠬᠤᠶᠠᠷ ᠂ ᠭᠤᠣᠯ ᠡᠭᠦᠷᠭᠡ  ︵ᠨᠢᠭᠡ︶ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠎ᠠ ᠃ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ ᠂ D ᠲᠠᠰ ᠤᠨ ᠠᠶᠤᠯᠲᠠᠢ ᠣᠷᠣᠨ ᠰᠠᠭᠤᠴᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠪᠠᠬᠢᠵᠢᠭᠦᠯᠬᠦ ᠂ ᠥᠭᠡᠷᠡᠴᠢᠯᠡᠨ ᠪᠠᠶᠢᠭᠤᠯᠬᠤ ᠂ ᠳᠠᠭᠢᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ C ᠲᠠᠰ ᠤᠨ ᠠᠶᠤᠯᠲᠠᠢ ᠣᠷᠣᠨ ᠰᠠᠭᠤᠴᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠵᠢ ᠪᠦᠷᠢᠳᠦᠭᠦᠯᠬᠦ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠢᠳᠡᠪᠬᠢᠲᠡᠢ ᠯᠠᠪᠳᠠᠭᠤᠨ ᠢᠶᠠᠷ ᠬᠡᠷᠡᠭᠵᠢᠭᠦᠯᠦᠨ᠎ᠡ ᠃ ᠲᠥᠷᠥᠯ ᠪᠦᠯᠦᠭ ᠬᠤᠪᠢᠶᠠᠵᠤ ᠪᠠᠶᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠮᠥᠷᠲᠡᠭᠡᠨ ᠪᠠᠬᠢᠵᠢᠭᠦᠯᠬᠦ ᠦᠨ᠎ᠡ ᠥᠷᠲᠡᠭ ᠲᠠᠢ ᠬᠤᠲᠠ ᠪᠠᠯᠭᠠᠰᠤ ᠶᠢᠨ ᠭᠡᠷ ᠪᠠᠶᠢᠰᠢᠩ ᠳᠤ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠬᠢᠨ᠎ᠡ ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠪᠠ ᠬᠡᠷᠡᠭᠯᠡᠵᠦ ᠂ ︽ᠨᠢᠭᠡ ᠪᠠᠶᠢᠰᠢᠩ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠨ ᠰᠢᠨᠡᠳᠬᠡᠬᠦ ᠲᠥᠰᠥᠯ ᠳᠤᠷᠠᠳᠴᠤ ᠂ ᠠᠶᠤᠯᠲᠠᠢ ᠣᠷᠣᠨ ᠰᠠᠭᠤᠴᠠ ᠶᠢᠨ ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ ᠂ ᠤᠯᠠᠮᠵᠢᠯᠠᠯᠲᠤ ᠠᠶᠢᠯ ᠲᠣᠰᠬᠤᠨ ᠂ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠴᠢᠩᠭ᠎ᠠ ᠴᠠᠭᠠᠵᠠᠯᠠᠨ᠎ᠠ ᠃  ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠪᠠᠷᠢᠯᠭ᠎ᠠ ᠶᠢᠨ ᠳᠤᠯᠠᠭᠠᠨ ᠢ ᠪᠠᠲᠤᠯᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠨ ᠂ ᠰᠠᠭᠤᠭᠠᠯᠢ ᠠᠷᠠᠳ ᠤᠨ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠭᠡᠷ ᠳᠣᠲᠣᠷᠠᠬᠢ ᠵᠠᠰᠠᠵᠤ ᠴᠢᠮᠡᠭᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠠᠬᠢᠭᠤᠯᠤᠨ ᠂ ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ ᠦᠨᠳᠦᠰᠦᠯᠡᠨ ᠭᠠᠵᠠᠷ ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠬᠤᠪᠢᠷᠠᠭᠤᠯᠤᠨ᠎ᠠ ᠃  ︵ᠬᠤᠶᠠᠷ︶ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠶᠢ ᠠᠬᠢᠭᠤᠯᠤᠨ᠎ᠠ ᠃ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠶᠢ ᠰᠢᠨᠡᠳᠬᠡᠨ ᠥᠭᠡᠷᠡᠴᠢᠯᠡᠵᠦ ᠂ ᠠᠰᠠᠷ ᠤᠨ ᠳᠣᠲᠣᠷᠠᠬᠢ ᠶᠠᠪᠠᠭᠠᠨ ᠬᠥᠮᠥᠨ ᠤ ᠶᠠᠪᠤᠬᠤ ᠵᠠᠮ ᠂ ᠰᠠᠯᠬᠢ ᠨᠡᠪᠲᠡᠷᠡᠬᠦ ᠣᠲᠤᠭ᠎ᠠ ᠭᠠᠷᠭᠠᠬᠤ ᠵᠠᠮ ᠂ ᠰᠠᠯᠬᠢ ᠨᠡᠪᠲᠡᠷᠡᠭᠦᠯᠬᠦ ᠬᠤᠳᠳᠤᠭ ᠵᠡᠷᠭᠡ ᠶᠢ ᠴᠡᠭᠴᠡᠯᠡᠨ ᠵᠠᠰᠠᠵᠤ ᠂ ᠠᠮᠤᠷ ᠲᠦᠪᠰᠢᠨ ᠤ ᠭᠡᠮ ᠰᠣᠭᠤᠭ ᠢ ᠪᠦᠭᠦ ᠬᠦᠴᠦᠨ ᠢᠶᠠᠷ ᠠᠷᠢᠯᠭᠠᠨ ᠂ ᠨᠥᠬᠦᠴᠡᠯ ᠲᠠᠢ ᠠᠰᠠᠷ ᠲᠤ ᠴᠠᠭᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠨ᠎ᠡ ᠃ ᠰᠠᠭᠤᠭᠠᠯᠢ ᠠᠷᠠᠳ ᠤᠨ ᠲᠣᠭᠤᠷᠢᠭ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠬᠰᠣᠬᠤ ᠂ ᠴᠠᠭᠢᠯᠭᠠᠨ ᠴᠡᠨᠡᠭᠯᠡᠬᠦ ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠂ ᠴᠢᠮᠡᠭᠡ ᠬᠤᠯᠪᠤᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠬᠤᠭᠤᠯᠠ ᠤᠮᠳᠠ ᠳᠤ ᠲᠤᠰᠠᠯᠠᠬᠤ ᠂ ᠭᠡᠷ ᠤᠨ ᠶᠠᠪᠤᠳᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠪᠠᠶᠢᠷᠢᠯᠠᠭᠤᠯᠤᠨ᠎ᠠ ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠰᠠᠭᠤᠭᠠᠯᠢ ᠠᠷᠠᠳ ᠤᠨ ᠣᠷᠤᠯᠴᠠᠬᠤ ᠪᠠ ᠬᠢᠨᠠᠯᠲᠠ ᠲᠠᠯᠪᠢᠬᠤ ᠶᠢ ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ ᠂ ᠥᠭᠡᠷᠡᠴᠢᠯᠡᠨ ᠰᠢᠨᠡᠳᠬᠡᠬᠦ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠨ᠎ᠠ ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠂ ᠨᠤᠷᠠᠬᠤ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ ᠂ ᠰᠣᠶᠣᠯ ᠤᠨ ᠥᠪ ᠤᠨ ᠥᠷᠲᠡᠭ ᠢ ᠠᠭᠤᠳᠠᠯᠬᠤ ᠂ ᠤᠯᠠᠮᠵᠢᠯᠠᠯᠲᠤ ᠬᠡᠪ ᠨᠠᠮᠪᠠ ᠶᠢ ᠬᠠᠮᠠᠭᠠᠯᠠᠭᠰᠠᠨ ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ ᠂ ᠰᠡᠯᠪᠢᠨ ᠵᠠᠰᠠᠬᠤ ᠂ ᠥᠭᠡᠷᠡᠴᠢᠯᠡᠬᠦ ᠲᠥᠰᠥᠯ ᠢ ᠲᠣᠭᠲᠠᠭᠠᠵᠤ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠂ ᠲᠥᠬᠦᠭᠡᠷᠦᠮᠵᠢ ᠨᠥᠬᠦᠴᠡᠯ ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ ᠃  ︵ᠭᠤᠷᠪᠠ︶ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠥᠷᠨᠢᠭᠦᠯᠦᠨ᠎ᠡ ᠃ ᠨᠡᠶᠢᠭᠡᠮ ᠲᠣᠭᠤᠷᠢᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠂ ᠠᠷᠠᠳ ᠲᠤ ᠳᠥᠭᠦᠮ ᠦᠵᠡᠭᠦᠯᠭᠦ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠵᠡᠷᠭᠡ ᠶᠢ ᠲᠡᠭᠦᠯᠳᠡᠷᠵᠢᠭᠦᠯᠵᠦ ᠂ ᠠᠮᠤᠷ ᠲᠦᠪᠰᠢᠨ ᠡᠷᠡᠭᠦᠯ ᠮᠡᠨᠳᠦ ᠂ ᠲᠥᠬᠦᠭᠡᠷᠦᠮᠵᠢ ᠪᠦᠷᠢᠨ ᠲᠡᠭᠦᠯᠳᠡᠷ ᠂ ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠤᠨ᠎ᠠ ᠃ ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ ᠃ ᠰᠠᠭᠤᠭᠠᠯᠢ ᠠᠷᠠᠳ ᠂ ᠲᠥᠯᠥᠪᠵᠢᠭᠦᠯᠦᠭᠴᠢ ᠂ ᠵᠢᠷᠤᠭ ᠲᠥᠯᠥᠪᠯᠡᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃  ︵ᠳᠥᠷᠪᠡ︶ ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ ᠲᠣᠭᠤᠷᠢᠭ ᠂ ᠬᠤᠲᠠᠨ ᠳᠤᠮᠳᠠᠬᠢ ᠲᠣᠰᠬᠤᠨ ᠵᠡᠷᠭᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ ᠃ ᠬᠠᠭᠤᠴᠢᠨ ᠵᠡᠭᠡᠯᠢ ᠲᠣᠭᠤᠷᠢᠭ ᠤᠨ ᠴᠢᠳᠠᠪᠬᠢ ᠶᠢ ᠬᠤᠪᠢᠷᠠᠭᠤᠯᠬᠤ ᠂ ᠡᠵᠡᠩᠨᠡᠯᠲᠡ ᠶᠢᠨ ᠭᠡᠯᠪᠡᠷᠢ ᠶᠢ ᠲᠡᠰ ᠳᠡᠪᠰᠢᠭᠦᠯᠬᠦ ᠂ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠭᠦ ᠶᠢ ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠠᠮᠢᠵᠢᠷᠠᠯ ᠤᠨ ᠬᠦᠴᠦᠨ ᠲᠠᠢ ᠵᠡᠭᠡᠯᠢ ᠲᠣᠭᠤᠷᠢᠭ ᠢ ᠪᠠᠶᠢᠭᠤᠯᠤᠨ᠎ᠠ ᠃ ᠬᠤᠳᠠᠯᠳᠤᠭᠠᠨ ᠤ ᠶᠠᠪᠠᠭᠠᠨ ᠵᠡᠭᠡᠯᠢ ᠪᠠ ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ ᠂ ᠣᠯᠠᠨ ᠨᠡᠶᠢᠲᠡ ᠶᠢᠨ ᠣᠷᠣᠨ ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠂ ᠬᠤᠳᠠᠯᠳᠤᠭᠠᠨ ᠤ ᠡᠵᠡᠩᠨᠡᠯᠲᠡ ᠶᠢᠨ ᠭᠡᠯᠪᠡᠷᠢ ᠪᠠᠶᠢᠳᠠᠯ ᠢ ᠪᠠᠶᠠᠯᠢᠭᠵᠢᠭᠤᠯᠵᠤ ᠂ ᠬᠡᠷᠡᠭᠯᠡᠭᠡ ᠶᠢᠨ ᠠᠬᠤᠢ ᠪᠠᠶᠢᠳᠠᠯ ᠢ ᠰᠢᠨᠡᠴᠢᠯᠡᠵᠦ ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠤᠲᠠ ᠶᠢᠨ ᠰᠢᠨᠡᠴᠢᠯᠡᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ ᠃ ᠬᠠᠭᠤᠴᠢᠨ ᠦᠢᠯᠡᠳᠪᠦᠷᠢ ᠶᠢᠨ ᠲᠣᠭᠤᠷᠢᠭ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠶᠢ ᠵᠣᠷᠢᠭᠵᠢᠭᠤᠯᠵᠤ ᠂ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠦᠢᠯᠡᠳᠪᠦᠷᠢ ᠶᠢᠨ ᠲᠣᠭᠤᠷᠢᠭ ᠂ ᠦᠢᠯᠡᠳᠪᠦᠷᠢ ᠶᠢᠨ ᠭᠡᠷ ᠪᠠᠶᠢᠰᠢᠩ ᠪᠠ ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠴᠢᠳᠠᠮᠵᠢ ᠳᠤ ᠣᠷᠣᠭᠤᠯᠤᠨ᠎ᠠ ᠃ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ ᠂ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ ᠠᠪᠤᠨ ᠨᠤᠷᠠᠭᠠᠵᠤ ᠰᠢᠨ᠎ᠡ ᠪᠠᠷ ᠪᠠᠶᠢᠭᠤᠯᠬᠤ ᠂ ᠴᠡᠭᠴᠡᠯᠡᠨ ᠵᠠᠰᠠᠵᠤ ᠳᠡᠭᠡᠭᠰᠢᠯᠡᠭᠦᠯᠭᠦ ᠂ ᠨᠤᠷᠠᠭᠠᠵᠤ ᠴᠡᠭᠴᠡᠯᠡᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠨ ᠪᠠᠶᠢᠭᠤᠯᠵᠤ ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠨ ᠂ ᠣᠷᠣᠰᠢᠨ ᠰᠠᠭᠤᠬᠤ ᠨᠥᠬᠦᠴᠡᠯ ᠪᠣᠯᠣᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ ᠃ ᠣᠯᠠᠨ ᠲᠦᠮᠡᠨ ᠤ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠢᠶᠠᠷ ᠴᠢᠩᠭ᠎ᠠ ᠂ ᠬᠤᠲᠠ ᠶᠢᠨ ᠪᠡᠯᠡ ᠮᠥᠩᠭᠦ ᠶᠢᠨ ᠴᠢᠳᠠᠪᠤᠷᠢ ᠲᠡᠩᠴᠡᠭᠦᠷᠢᠲᠡᠢ ᠂ ᠲᠠᠲᠠᠪᠤᠷᠢᠯᠠᠬᠤ ᠨᠥᠬᠦᠪᠦᠷᠢᠯᠡᠬᠦ ᠲᠥᠰᠥᠯ ᠪᠣᠯᠪᠠᠰᠤᠷᠠᠩᠭᠤᠢ ᠪᠠᠶᠢᠳᠠᠭ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠲᠦᠷᠭᠡᠨ ᠬᠡᠷᠡᠭᠵᠢᠭᠦᠯᠦᠨ᠎ᠡ ᠃ ᠬᠠᠭᠤᠴᠢᠨ ᠭᠠᠯᠲᠤ ᠲᠡᠷᠭᠡᠨ ᠥᠷᠲᠡᠭᠡ ᠪᠣᠯᠣᠨ ᠡᠷᠭᠢᠨ ᠲᠣᠭᠤᠷᠢᠨ ᠤ ᠬᠠᠭᠤᠴᠢᠨ ᠵᠡᠭᠡᠯᠢ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ ᠃  ︵ᠲᠠᠪᠤ︶ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ ᠃ ᠣᠯᠠᠨ ᠱᠠᠲᠤ ᠳᠠᠪᠬᠤᠷᠭ᠎ᠠ ᠲᠠᠢ ᠂ ᠪᠦᠭᠦᠨ ᠢ ᠬᠠᠮᠤᠷᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠷᠢᠨᠰᠢᠭᠦᠯᠵᠦ ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠪᠠ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠭᠦᠢᠴᠡᠳ ᠠᠰᠢᠭᠯᠠᠨ ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠤᠷᠢᠳ ᠢᠶᠠᠷ ᠨᠥᠬᠦᠪᠦᠷᠢᠯᠡᠵᠦ ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠬᠠᠩᠭᠠᠨ᠎ᠠ ᠃ ︽ᠡᠩ ᠤᠨ ᠦᠶ᠎ᠡ ᠪᠠ ᠪᠠᠴᠢᠮ ᠦᠶ᠎ᠡ ᠶᠢᠨ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠠᠬᠢᠭᠤᠯᠤᠨ᠎ᠠ ᠃ ᠬᠤᠲᠠ ᠶᠢᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠲᠦᠷ ᠴᠠᠭ ᠲᠥᠪᠬᠢᠨᠡᠭᠦᠯᠬᠦ ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ ᠃ ᠨᠠᠰᠤᠲᠠᠶᠢᠴᠤᠳ ᠲᠤ ᠲᠣᠬᠢᠷᠠᠬᠤ ᠂ ᠬᠡᠦᠬᠡᠳ ᠤᠳ ᠲᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠵᠤ ᠂ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ ᠲᠦᠭᠡᠮᠡᠯ ᠬᠠᠷᠠᠭᠠᠯᠵᠠᠯᠲᠤ ᠭᠡᠯᠪᠡᠷᠢ ᠶᠢᠨ ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠦᠨ᠎ᠡ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠠᠶ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠨ᠎ᠡ ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ ᠃ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠢᠳᠡᠪᠬᠢᠲᠡᠢ ᠥᠷᠭᠡᠳᠬᠡᠵᠦ ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ ᠃  ︵ᠵᠢᠷᠭᠤᠭ᠎ᠠ︶ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ᠎ᠠ ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠲᠦᠭᠰᠢᠭᠦᠷᠢ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ ᠃ ᠭᠠᠵᠠᠷ ᠳᠣᠣᠷᠠᠬᠢ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ ᠃ ᠬᠤᠲᠠ ᠶᠢᠨ ᠰᠢᠲᠠᠮᠠᠬᠠᠢ ᠬᠡᠢ ᠂ ᠤᠰᠤ ᠬᠠᠩᠭᠠᠬᠤ ᠂ ᠤᠰᠤ ᠭᠠᠳᠠᠭᠰᠢᠯᠠᠭᠤᠯᠬᠤ ᠂ ᠪᠣᠬᠢᠷ ᠤᠰᠤ ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠤᠲᠠᠰᠤ ᠬᠤᠭᠤᠯᠠᠢ ᠲᠣᠣᠷ ᠪᠣᠯᠣᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ ᠂ ᠪᠦᠲᠦᠭᠡᠨ ᠪᠠᠶᠢᠭᠤᠯᠵᠤ ᠠᠵᠢᠯᠯᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ ᠃ ᠬᠤᠲᠠ ᠶᠢᠨ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠶᠢ ᠠᠬᠢᠭᠤᠯᠵᠤ ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠂ ᠰᠢᠢᠳᠪᠦᠷᠢᠯᠡᠬᠦ ᠪᠠ ᠳᠠᠭᠢᠨ ᠠᠰᠢᠭᠯᠠᠬᠤ ᠵᠢᠴᠢ ᠪᠣᠬᠢᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠣᠷ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠬᠤ ᠲᠣᠭᠲᠠᠴᠠ ᠶᠢ ᠲᠦᠷᠭᠡᠨ ᠪᠠᠶᠢᠭᠤᠯᠤᠨ᠎ᠠ ᠃ ᠬᠤᠳᠠ ᠶᠢᠨ ᠦᠶᠡᠷ ᠢ ᠰᠡᠷᠭᠡᠶᠢᠯᠡᠬᠦ ᠪᠠ ᠤᠰᠤᠲᠤᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ ᠂ ᠬᠤᠳᠠ ᠶᠢᠨ ᠲᠣᠭᠤᠷᠢᠭ ᠤᠨ ᠤᠰᠤᠨ ᠰᠢᠰᠲ᠋ᠧᠮ ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠬᠢᠭᠡᠳ ᠡᠷᠭᠢᠨ ᠲᠣᠭᠤᠷᠢᠨ ᠤ ᠭᠤᠣᠯ ᠮᠥᠷᠡᠨ ᠨᠠᠭᠤᠷ ᠲᠠᠩᠭᠢᠰ ᠂ ᠤᠰᠤᠨ ᠴᠥᠭᠦᠷᠥᠮ ᠵᠡᠷᠭᠡ ᠶᠢ ᠬᠤᠯᠪᠤᠭᠠᠯᠠᠨ ᠵᠠᠯᠠᠵᠤ ᠬᠤᠯᠪᠤᠭᠠᠯᠠᠨ ᠲᠣᠬᠢᠷᠠᠭᠤᠯᠬᠤ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ ᠃ ᠣᠯᠠᠨ ᠨᠡᠶᠢᠲᠡ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠂ ᠲᠦᠷᠭᠡᠨ ᠬᠤᠷᠳᠤᠴᠠᠲᠤ ᠭᠤᠣᠯ ᠵᠠᠮ ᠱᠤᠭᠤᠮ ᠤᠨ ᠵᠠᠮ ᠬᠠᠷᠢᠯᠴᠠᠭ᠎ᠠ ᠂ ᠠᠮᠢᠳᠤᠷᠠᠯ ᠤᠨ ᠴᠢᠨᠠᠷᠲᠠᠢ ᠲᠥᠪᠯᠡᠷᠡᠭᠦᠯᠵᠦ ᠲᠠᠷᠬᠠᠭᠠᠬᠤ ᠵᠠᠮ ᠬᠠᠷᠢᠯᠴᠠᠭ᠎ᠠ ᠪᠣᠯᠣᠨ ᠪᠣᠬᠢᠷᠳᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ ᠬᠥᠭᠵᠢᠭᠦᠯᠵᠦ ᠂ ᠲᠡᠷᠭᠡ ᠵᠣᠭᠰᠤᠭᠠᠬᠤ ᠲᠥᠬᠦᠭᠡᠷᠦᠮᠵᠢ ᠶᠢ ᠲᠦᠷᠭᠡᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠪᠠᠷᠠᠭ᠎ᠠ ᠲᠡᠭᠡᠭᠡᠪᠦᠷᠢᠯᠡᠬᠦ ᠲᠣᠣᠷ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ ᠂ ᠱᠠᠲᠤ ᠬᠤᠪᠢᠶᠠᠨ ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ ᠃ ᠰᠢᠨ᠎ᠡ ᠭᠡᠯᠪᠡᠷᠢ ᠶᠢᠨ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ ᠃  ︵ᠳᠣᠯᠤᠭ᠎ᠠ︶ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ᠎ᠡ ᠃ ᠠᠭᠤᠯᠠ ᠶᠢ ᠵᠠᠰᠠᠬᠤ ᠂ ᠤᠰᠤ ᠶᠢ ᠵᠠᠰᠠᠬᠤ ᠂ ᠬᠤᠲᠠ ᠶᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠬᠤᠲᠠ ᠶᠢᠨ ᠠᠮᠢ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠭᠰᠡᠨ ᠪᠦᠷᠢᠨ ᠪᠦᠲᠦᠨ ᠰᠢᠰᠲ᠋ᠧᠮ ᠢ ᠪᠠᠶᠢᠭᠤᠯᠤᠨ᠎ᠠ ᠃ ᠡᠪᠳᠡᠭᠳᠡᠭᠰᠡᠨ ᠠᠭᠤᠯᠠᠨ ᠴᠣᠭᠴᠠ ᠪᠣᠯᠣᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠲᠦᠷᠭᠡᠳᠬᠡᠨ ᠰᠡᠷᠭᠦᠭᠡᠨ ᠵᠠᠰᠠᠵᠤ ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠤᠲᠠ ᠶᠢᠨ ᠨᠤᠭᠤ ᠭᠠᠵᠠᠷ ᠢ ᠬᠠᠮᠠᠭᠠᠯᠠᠨ ᠰᠡᠷᠭᠦᠭᠡᠵᠦ ᠂ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ ᠂ ᠬᠤᠲᠠ ᠶᠢᠨ ᠤᠰᠤ ᠰᠢᠷᠣᠢ ᠶᠢᠨ ᠢᠳᠡᠭᠳᠡᠯ ᠢ ᠵᠠᠰᠠᠬᠤ ᠪᠠ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠢᠶᠠᠷ ᠳᠠᠭᠢᠨ ᠠᠰᠢᠭᠯᠠᠬᠤ ᠶᠢ ᠦᠨᠡᠨ ᠬᠦ ᠪᠠᠲᠤᠯᠠᠨ᠎ᠠ ᠃ ᠬᠤᠲᠠ ᠶᠢᠨ ᠨᠣᠭᠤᠭᠠᠨ ᠬᠦᠷᠢᠶ᠎ᠡ ᠨᠣᠭᠤᠭᠠᠨ ᠬᠤᠩᠭᠢᠯ ᠨᠣᠭᠤᠭᠠᠨ ᠰᠢᠭᠠᠨᠲᠠᠭ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠨᠤᠲᠤᠭ ᠤᠨ ᠤᠷᠭᠤᠮᠠᠯ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ ᠂ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠂ ᠣᠯᠠᠨ ᠲᠦᠮᠡᠨ ᠤ ᠳᠡᠷᠭᠡᠳᠡᠬᠢ ᠨᠡᠶᠢᠭᠡᠮ ᠲᠣᠭᠤᠷᠢᠭ ᠤᠨ ᠴᠡᠴᠡᠷᠯᠢᠭ ᠪᠠ ᠬᠠᠷᠮᠠᠨ ᠴᠡᠴᠡᠷᠯᠢᠭ ᠢ ᠨᠡᠮᠡᠭᠳᠡᠭᠦᠯᠦᠨ ᠂ ᠴᠡᠴᠡᠷᠯᠢᠭ ᠤᠨ ᠵᠦᠯᠭᠡ ᠶᠢ ᠨᠡᠭᠡᠭᠡᠨ ᠬᠠᠮᠲᠤ  ᠪᠠᠷ ᠡᠳ᠋ᠯᠡᠬᠦ ᠶᠢ ᠠᠬᠢᠭᠤᠯᠤᠨ᠎ᠠ ᠃  ︵ᠨᠠᠢᠮᠠ︶ ᠬᠤᠲᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ᠎ᠠ ᠃ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠵᠣᠯᠭᠠᠭᠤᠯᠵᠤ ᠂ ᠬᠤᠲᠠ ᠶᠢᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ︽ᠬᠠᠭᠤᠴᠢᠨ ᠬᠤᠲᠠ ᠶᠢ ᠳᠠᠭᠢᠨ ᠨᠤᠷᠠᠭᠠᠵᠤ ᠪᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠬᠠᠭᠤᠴᠢᠨ ᠬᠤᠲᠠ ᠵᠢᠴᠢ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠦᠭᠦ ᠲᠠᠯ᠎ᠠ ᠪᠠᠷ ᠪᠠᠶᠢᠴᠠᠭᠠᠵᠤ ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠂ ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ ᠲᠣᠭᠤᠷᠢᠭ ᠤᠨ ᠰᠣᠶᠣᠯ ᠤᠨ ᠥᠪ ᠬᠥᠷᠥᠩᠭᠡ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ ᠬᠠᠮᠤᠭ ᠤᠨ ᠴᠢᠩᠭ᠎ᠠ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠨ᠎ᠠ ᠃ ᠰᠣᠶᠣᠯ ᠤᠨ ᠥᠪ ᠬᠥᠷᠥᠩᠭᠡ ᠶᠢᠨ ᠨᠥᠯᠥᠭᠡ ᠳᠤ ᠦᠨᠡᠯᠡᠯᠲᠡ ᠬᠢᠬᠦ ᠶᠢ ᠥᠷᠨᠢᠭᠦᠯᠵᠦ ᠂ ︽ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾ ᠂ ︽ᠤᠷᠢᠳ ᠢᠶᠠᠷ ᠬᠠᠭᠤᠴᠢ ᠰᠤᠳᠤᠯᠵᠤ ᠳᠠᠷᠠᠭ᠎ᠠ ᠨᠢ ᠰᠢᠯᠵᠢᠭᠦᠯᠦᠨ ᠥᠭᠬᠦ︾ ᠬᠠᠮᠠᠭᠠᠯᠠᠯᠲᠠ ᠶᠢᠨ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠠᠭᠤᠴᠢᠨ ᠭᠡᠷ ᠪᠠᠶᠢᠰᠢᠩ ᠢ ᠨᠤᠷᠠᠭᠠᠬᠤ ᠬᠠᠮᠢᠶᠠᠷᠤᠯᠲᠠ ᠶᠢ ᠴᠢᠩᠭᠠᠳᠬᠠᠨ ᠂ ᠬᠠᠮᠠᠭᠠᠯᠠᠬᠤ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ ᠂ ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠦᠭᠡᠢ ᠪᠠᠶᠢᠵᠤ ᠂ ᠦᠨᠡᠨ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ ᠶᠢ ᠴᠠᠭᠠᠵᠠᠯᠠᠨ᠎ᠠ ᠃ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ ᠬᠠᠮᠠᠭᠠᠯᠠᠵᠤ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠡᠷᠭᠦᠭᠡᠬᠦ ᠪᠠ ᠰᠢᠯᠵᠢᠭᠦᠯᠵᠦ ᠪᠤᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠶᠢ ᠠᠬᠢᠭᠤᠯᠵᠤ ᠂ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠰᠦᠪᠡᠭᠴᠢᠯᠡᠨ᠎ᠡ ᠃ ᠴᠢᠬᠤᠯᠠ ᠲᠡᠦᠬᠡ ᠰᠣᠶᠣᠯ ᠤᠨ ᠦᠨ᠎ᠡ ᠥᠷᠲᠡᠭ ᠲᠠᠢ ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠦᠭᠰᠡᠨ ᠭᠠᠵᠠᠷ ᠤᠨ ᠨᠡᠷ᠎ᠡ ᠶᠢ ᠬᠠᠮᠠᠭᠠᠯᠠᠵᠤ ᠂ ᠵᠢᠷᠤᠮᠵᠢᠯ ᠦᠭᠡᠢ ᠭᠠᠵᠠᠷ ᠤᠨ ᠨᠡᠷ᠎ᠡ ᠶᠢ ᠵᠣᠬᠢᠰᠲᠠᠢ ᠪᠠᠷ ᠴᠡᠭᠴᠡᠯᠡᠨ᠎ᠡ ᠃ ᠬᠤᠲᠠ ᠶᠢᠨ ᠰᠢᠨᠡᠳᠬᠡᠭᠰᠡᠨ ᠭᠤᠣᠯᠳᠠᠯᠭ᠎ᠠ ᠲᠠᠢ ᠭᠠᠵᠠᠷ ᠣᠷᠣᠨ ᠂ ᠴᠢᠬᠤᠯᠠ ᠭᠠᠵᠠᠷ ᠣᠷᠣᠨ ᠤ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠭᠡᠲᠦ ᠶᠡᠭᠡ ᠬᠡᠮᠵᠢᠶᠡᠨ ᠤ ᠣᠯᠠᠨ ᠨᠡᠶᠢᠲᠡ ᠶᠢᠨ ᠪᠠᠷᠢᠯᠭ᠎ᠠ ᠂ ᠭᠡᠲᠦ ᠥᠨᠳᠥᠷ ᠳᠠᠪᠬᠤᠷᠭᠠᠲᠤ ᠪᠠᠷᠢᠯᠭ᠎ᠠ ᠶᠢ ᠴᠢᠩᠭ᠎ᠠ ᠬᠠᠮᠢᠶᠠᠷᠤᠨ᠎ᠠ ᠃  ᠭᠤᠷᠪᠠ ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ  ︵ᠨᠢᠭᠡ︶ ᠬᠤᠲᠠ ᠶᠢ ᠰᠢᠨᠡᠳᠬᠡᠬᠦ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠰᠠᠨ ᠂ ᠲᠥᠷᠥᠯ ᠵᠦᠢᠯ ᠢᠶᠠᠷ ᠬᠥᠲᠥᠯᠥᠮᠵᠢ ᠪᠤᠯᠭᠠᠬᠰᠠᠨ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠎ᠡ ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠦᠨᠡᠯᠡᠨ ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ ᠂ ᠠᠰᠠᠭᠤᠳᠠᠯ ᠢ ᠢᠯᠡᠷᠡᠭᠦᠯᠬᠦ ᠂ ᠠᠰᠠᠭᠤᠳᠠᠯ ᠢ ᠰᠢᠢᠳᠪᠦᠷᠢᠯᠡᠬᠦ ᠂ ᠦᠷ᠎ᠡ ᠪᠦᠲᠦᠮᠵᠢ ᠶᠢ ᠦᠨᠡᠯᠡᠨ ᠵᠢᠱᠢᠬᠦ ᠂ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠤᠨ ᠠᠷᠭ᠎ᠠ ᠵᠠᠮ ᠢ ᠪᠠᠶᠢᠭᠤᠯᠤᠨ᠎ᠠ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠵᠤ ᠂ ᠬᠤᠲᠠ ᠶᠢᠨ ᠰᠢᠨᠡᠳᠬᠡᠬᠦ ᠲᠤᠰᠬᠠᠢ ᠲᠦᠷᠦᠯ ᠤᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ ᠂ ᠬᠤᠲᠠ ᠶᠢᠨ ᠰᠢᠨᠡᠳᠬᠡᠬᠦ ᠠᠵᠢᠯᠯᠠᠭᠠᠨ ᠤ ᠬᠠᠷᠠᠯᠲᠠ ᠂ ᠭᠤᠣᠯᠳᠠᠯᠭ᠎ᠠ ᠲᠠᠢ ᠡᠭᠦᠷᠭᠡ ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠬᠡᠷᠡᠭᠵᠢᠭᠦᠯᠬᠦ ᠴᠠᠭ ᠤᠨ ᠳᠠᠷᠠᠭᠠᠯᠠᠯ ᠢ ᠲᠣᠭᠲᠠᠭᠠᠨ ᠂ ︽ᠲᠤᠰᠬᠠᠢ ᠲᠦᠷᠦᠯ ᠤᠨ ᠲᠥᠯᠦᠪᠵᠢᠭᠦᠯᠭᠡ — ᠬᠡᠰᠡᠭ ᠣᠷᠣᠨ ᠤ ᠤᠬᠠᠭᠠᠯᠠᠯ ᠲᠥᠰᠥᠪᠯᠡᠯ — ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠬᠤᠲᠠ ᠶᠢᠨ ᠵᠢᠷᠤᠭ ᠲᠥᠯᠥᠪᠯᠡᠭᠡ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠳᠠᠬᠢ ᠬᠥᠲᠥᠯᠥᠨ ᠵᠢᠯᠤᠭᠤᠳᠬᠤ ᠦᠢᠯᠡᠳᠦᠯ ᠢ ᠴᠢᠩᠭᠠᠷᠠᠭᠤᠯᠵᠤ ᠂ ᠭᠡᠷ ᠪᠠᠶᠢᠰᠢᠩ ᠂ ᠰᠠᠭᠤᠭᠠᠯᠢ ᠠᠷᠠᠳ ᠤᠨ ᠲᠣᠭᠤᠷᠢᠭ ᠂ ᠨᠡᠶᠢᠭᠡᠮ ᠲᠣᠭᠤᠷᠢᠭ ᠂ ᠬᠤᠲᠠ ᠶᠢᠨ ᠲᠣᠭᠤᠷᠢᠭ ᠂ ᠬᠤᠲᠠ ᠵᠡᠷᠭᠡ ᠠᠳᠠᠯᠢ ᠪᠤᠰᠤ ᠭᠡᠮᠵᠢᠶᠡᠷᠢᠯᠡᠯ ᠤᠨ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ ᠃ ᠬᠤᠲᠠ ᠶᠢᠨ ᠰᠢᠨᠡᠳᠬᠡᠬᠦ ᠳᠤ ᠵᠣᠬᠢᠴᠠᠭᠰᠠᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃  ︵ᠬᠤᠶᠠᠷ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ︽ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠬᠤ ᠂ ᠭᠠᠵᠠᠷ ᠰᠢᠷᠣᠢ ᠶᠢᠨ ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠶᠢ ᠪᠠᠷᠢᠮᠲᠠᠯᠠᠵᠤ ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ ᠂ ᠪᠦᠭᠦ ᠣᠷᠣᠨ ᠪᠦᠰᠡ ᠪᠦᠭᠦ ᠲᠥᠷᠥᠯ ᠭᠡᠯᠪᠡᠷᠢ ᠶᠢ ᠬᠠᠮᠤᠷᠤᠭᠰᠠᠨ ᠂ ᠨᠢᠭᠡᠳᠦᠯᠲᠡᠢ ᠵᠣᠯᠭᠠᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠪᠠ ᠲᠥᠯᠦᠪᠵᠢᠭᠦᠯᠭᠡ ᠶᠢᠨ ᠵᠥᠪᠰᠢᠶᠡᠷᠡᠯ ᠤᠨ ᠳᠦᠷᠢᠮ ᠢ ᠲᠣᠭᠲᠠᠭᠠᠨ ᠪᠦᠷᠢᠨᠰᠢᠭᠦᠯᠵᠦ ᠂ ᠰᠢᠨ᠎ᠡ ᠪᠠᠷ ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ ᠲᠥᠯᠥᠪᠵᠢᠭᠦᠯᠵᠦ ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠶᠢᠪᠠᠯ ᠂ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠭᠦᠢᠴᠡᠳᠬᠡᠨ᠎ᠡ ᠃ ᠭᠠᠵᠠᠷ ᠰᠢᠷᠣᠢ ᠶᠢ ᠤᠯᠠᠨ ᠵᠦᠢᠯ ᠤᠨ ᠭᠡᠯᠪᠡᠷᠢ ᠪᠠᠷ ᠨᠡᠭᠡᠭᠡᠨ ᠠᠰᠢᠭᠯᠠᠬᠤ ᠪᠠ ᠬᠡᠷᠡᠭᠴᠡᠭᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ ᠠᠬᠢᠭᠤᠯᠵᠤ ᠂ ᠬᠡᠷᠡᠭᠴᠡᠭᠡ ᠶᠢ ᠬᠤᠪᠢᠷᠠᠭᠤᠯᠬᠤ ᠪᠠ ᠵᠣᠬᠢᠴᠠᠩᠭᠤᠢ ᠪᠠᠷ ᠬᠡᠷᠡᠭᠯᠡᠬᠦ ᠵᠥᠪ ᠲᠠᠯ᠎ᠠ ᠶᠢᠨ ᠨᠠᠷᠢᠨ ᠲᠠᠩᠰᠠ ᠂ ᠨᠠᠵᠠᠭᠠᠢ ᠲᠠᠯ᠎ᠠ ᠶᠢᠨ ᠨᠠᠷᠢᠨ ᠲᠠᠩᠰᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ ᠂ ᠬᠡᠷᠡᠭᠴᠡᠭᠡ ᠶᠢ ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ᠦᠷ᠎ᠡ ᠠᠰᠢᠭ ᠢᠶᠠᠷ ᠳᠣᠣᠷ᠎ᠠ ᠦᠯᠡᠳᠡᠭᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠡᠭᠡᠭᠦᠯᠦᠨ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ ᠂ ᠬᠡᠰᠡᠭ ᠪᠤᠰᠠᠭ ᠭᠠᠵᠠᠷ ᠰᠢᠷᠣᠢ ᠶᠢ ᠲᠥᠪᠯᠡᠷᠡᠭᠦᠯᠦᠨ ᠥᠭᠡᠷᠡᠴᠢᠯᠡᠬᠦ ᠂ ᠡᠵᠡᠯᠡᠬᠦᠨ ᠤ ᠨᠣᠷᠮ᠎ᠠ ᠶᠢ ᠰᠢᠯᠵᠢᠭᠦᠯᠬᠦ ᠪᠤᠶᠤ ᠱᠠᠩᠨᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠦᠷ᠎ᠡ ᠠᠰᠢᠭ ᠳᠣᠣᠷ᠎ᠠ ᠦᠯᠡᠳᠡᠭᠡᠯ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠦᠲᠦᠭᠡᠨ ᠪᠠᠶᠢᠭᠤᠯᠬᠤ ᠂ ᠠᠵᠤ ᠦᠢᠯᠡᠰ ᠢ ᠬᠥᠭᠵᠢᠭᠦᠯᠬᠦ ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠲᠡᠮᠵᠢᠨ᠎ᠡ ᠃ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠠᠶᠢᠳᠠᠨ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠠᠭᠰᠠᠨ ᠪᠤᠶᠤ ᠭᠠᠵᠠᠷ ᠰᠢᠷᠣᠢ ᠶᠢ ᠰᠠᠯᠭᠠᠨ ᠥᠭᠬᠦ ᠲᠣᠭᠲᠠᠭᠠᠯ ᠤᠨ ᠪᠢᠴᠢᠭ ᠲᠤ ᠲᠣᠭᠲᠠᠭᠠᠭᠰᠠᠨ ᠵᠠᠰᠠᠭ ᠤᠨ ᠣᠷᠳᠣᠨ ᠠᠴᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠵᠢᠴᠢ ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠤᠷ᠎ᠠ ᠪᠠᠷ ᠢᠶᠠᠨ ᠰᠢᠯᠵᠢᠭᠦᠯᠦᠨ ᠥᠭᠬᠦ ᠶᠢ ᠴᠠᠭᠠᠵᠠᠯᠠᠭᠰᠠᠨ ᠪᠠᠶᠢᠳᠠᠯ ᠠᠴᠠ ᠭᠠᠳᠠᠨ᠎ᠠ ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠲᠡᠰ ᠳᠠᠷᠠᠭᠠᠯᠠᠯ ᠶᠣᠰᠣᠭᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠥᠭᠬᠦ ᠂ ᠬᠤᠪᠢ ᠣᠷᠣᠬᠤ ᠂ ᠬᠤᠯᠪᠤᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠢᠨᠡᠳᠬᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ ᠃ ᠭᠠᠵᠠᠷ ᠤᠨ ᠦᠨ᠎ᠡ ᠶᠢ ᠪᠤᠳᠤᠵᠤ ᠬᠤᠷᠢᠶᠠᠬᠤ ᠳᠦᠷᠢᠮ ᠢ ᠰᠢᠯᠢᠳᠡᠭᠵᠢᠭᠦᠯᠦᠨ᠎ᠡ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠭᠠᠵᠠᠷ ᠰᠢᠷᠣᠢ ᠶᠢᠨ ᠭᠠᠵᠠᠷ ᠤᠨ ᠭᠠᠳᠠᠷᠭᠤ ᠂ ᠭᠠᠵᠠᠷ ᠳᠡᠭᠡᠷ᠎ᠡ ᠪᠤᠶᠤ ᠭᠠᠵᠠᠷ ᠳᠣᠣᠷ᠎ᠠ ᠲᠤᠰ ᠲᠤᠰ ᠪᠠᠶᠢᠭᠤᠯᠬᠤ ᠶᠢ ᠠᠬᠢᠭᠤᠯᠤᠨ᠎ᠠ ᠃ ᠬᠤᠳᠠ ᠶᠢ ᠰᠢᠨᠡᠳᠬᠡᠬᠦ ᠲᠠᠢ ᠬᠤᠯᠪᠣᠭᠳᠠᠬᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ ᠃  ︵ᠭᠤᠷᠪᠠ︶ ᠭᠡᠷ ᠪᠠᠶᠢᠰᠢᠩ ᠬᠡᠷᠡᠭᠯᠡᠬᠦ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ ᠃ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠭᠡᠷ ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢ ᠴᠢᠩᠭᠠᠳᠬᠠᠨ ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠣᠭᠲᠠᠴᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ ᠃ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ ᠂ ᠬᠠᠮᠢᠶᠠᠷᠬᠤ ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ ᠃  ︵ᠳᠥᠷᠪᠡ︶ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠪᠦᠷᠢᠨᠰᠢᠭᠦᠯᠦᠨ᠎ᠡ ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠤᠷᠳᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠦᠨ᠎ᠡ ᠃ ᠲᠥᠪ ᠤᠨ ᠡᠳ᠋ ᠤᠨ ᠵᠠᠰᠠᠭ ᠠᠴᠠ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠬᠦ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ ᠂ ᠬᠠᠮᠢᠶ᠎ᠠ ᠪᠦᠬᠦᠢ ᠪᠡᠯᠡ ᠮᠥᠩᠭᠦ ᠶᠢ ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠠᠬᠢᠭᠤᠯᠵᠤ ᠂ ᠥᠷᠢ ᠥᠭᠴᠡᠭᠡ ᠶᠢᠨ ᠲᠦᠭᠰᠢᠭᠦᠷᠢ ᠶᠢ ᠡᠵᠡᠮᠳᠡᠵᠦ ᠳᠡᠶᠢᠯᠭᠦ ᠤᠷᠢᠲᠠᠯ ᠳᠣᠣᠷ᠎ᠠ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠬᠤᠲᠠ ᠶᠢ ᠰᠢᠨᠡᠳᠬᠡᠬᠦ ᠲᠥᠷᠥᠯ ᠵᠦᠢᠯ ᠳᠤ ᠳᠡᠮᠵᠢᠯᠭᠡ ᠦᠵᠡᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠴᠤ ᠪᠡᠯᠡ ᠨᠡᠶᠢᠯᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠬᠤᠲᠠ ᠶᠢᠨ ᠭᠠᠶᠢᠯᠢ ᠰᠦᠢᠳᠬᠡᠯ ᠢ ᠪᠠᠭᠠᠰᠬᠠᠵᠤ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ ᠂ ᠲᠦᠭᠰᠢᠭᠦᠷᠢ ᠶᠢ ᠡᠵᠡᠮᠳᠡᠵᠦ ᠪᠤᠯᠬᠤ ᠂ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠬᠤᠲᠠ ᠶᠢ ᠰᠢᠨᠡᠳᠬᠡᠬᠦ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠠᠭᠪᠤᠷ ᠢ ᠲᠡᠭᠦᠯᠳᠡᠷᠵᠢᠭᠦᠯᠵᠦ ᠂ ᠨᠡᠶᠢᠭᠡᠮ ᠤᠨ ᠬᠥᠷᠥᠩᠭᠡ ᠶᠢ ᠲᠡᠳᠡᠨ ᠬᠤᠲᠠ ᠶᠢ ᠰᠢᠨᠡᠳᠬᠡᠬᠦ ᠳᠤ ᠣᠷᠣᠯᠴᠠᠭᠤᠯᠵᠤ ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠰᠠᠭᠤᠷᠢ ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠂ ᠡᠳ᠋ ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠦᠢᠯᠡᠳᠬᠦᠨ ᠂ ᠺᠤᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠠᠬᠢᠭᠤᠯᠤᠨ᠎ᠠ ᠃  ︵ᠲᠠᠪᠤ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ ᠂ ᠣᠯᠠᠨ ᠨᠡᠶᠢᠲᠡ ᠪᠠᠷ ᠢᠶᠠᠨ ᠣᠷᠣᠯᠴᠠᠬᠰᠠᠨ ᠬᠤᠲᠠ ᠶᠢ ᠰᠢᠨᠡᠳᠬᠡᠬᠦ ᠦᠷᠭᠦᠯᠵᠢᠯᠡᠬᠦ ᠵᠠᠭᠪᠤᠷ ᠢ ᠪᠠᠶᠢᠭᠤᠯᠬᠤ ᠬᠡᠷᠡᠭᠲᠡᠢ ᠃ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠷᠠᠳ ᠣᠯᠠᠨ ᠤ ᠬᠤᠲᠠ ᠶᠢ ᠰᠢᠨᠡᠳᠬᠡᠬᠦ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠃ ᠬᠤᠲᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠥᠷᠨᠢᠭᠦᠯᠦᠨ᠎ᠡ ᠃ ᠥᠮᠴᠢᠯᠡᠬᠦ ᠡᠷᠬᠡ ᠶᠢᠨ ᠥᠮᠴᠢᠯᠡᠭᠴᠢ ᠶᠢᠨ ᠪᠡᠶ᠎ᠡ ᠪᠠᠨ ᠳᠠᠭᠠᠭᠠᠨ ᠰᠢᠨᠡᠳᠬᠡᠬᠦ ᠶᠢ ᠵᠣᠷᠢᠭᠵᠢᠭᠤᠯᠵᠤ ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠣᠣᠷ᠎ᠠ ᠦᠯᠡᠳᠡᠭᠡᠯ ᠬᠥᠷᠥᠩᠭᠡ ᠶᠢ ᠴᠢᠯᠦᠭᠡᠲᠡᠢ ᠪᠤᠯᠭᠠᠵᠤ ᠂ ᠤᠯᠤᠰ ᠤᠨ ᠥᠮᠴᠢᠯᠡᠯ ᠤᠨ ᠬᠥᠷᠥᠩᠭᠡ ᠶᠢᠨ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠬᠡᠷᠡᠭᠲᠡᠢ ᠃ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠬᠦᠷᠢᠶ᠎ᠡ ᠶᠢᠨ ᠲᠤᠰᠬᠠᠢ ᠬᠦᠴᠦᠨ ᠪᠠ ᠦᠢᠯᠡᠴᠢᠯᠡᠭᠡᠨ ᠤ ᠪᠠᠶᠢᠭᠤᠯᠤᠮᠵᠢ ᠶᠢ ᠬᠤᠲᠠ ᠶᠢ ᠰᠢᠨᠡᠳᠬᠡᠬᠦ ᠳᠤ ᠣᠷᠣᠯᠴᠠᠭᠤᠯᠬᠤ ᠶᠢ ᠳᠡᠮᠵᠢᠵᠦ ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ  ᠳᠤ ᠵᠣᠬᠢᠴᠠᠭᠰᠠᠨ ᠪᠦᠲᠦᠭᠡᠨ ᠪᠠᠶᠢᠭᠤᠯᠤᠯᠲᠠ ᠂ ᠡᠵᠡᠩᠨᠡᠯᠲᠡ ᠂ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠤᠳᠠ ᠶᠢ ᠰᠢᠨᠡᠳᠬᠡᠬᠦ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠂ ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃  ︵ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠲᠠᠢ ᠬᠤᠯᠪᠣᠭᠳᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ ᠂ ᠬᠤᠲᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠠᠰᠠᠯᠲᠠ ᠪᠣᠯᠣᠨ ᠭᠡᠷ ᠪᠠᠶᠢᠰᠢᠩ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠳᠤ ᠲᠣᠬᠢᠷᠠᠬᠤ ᠮᠡᠷᠭᠡᠵᠢᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ ᠂ ᠲᠥᠷᠥᠯ ᠬᠤᠪᠢᠶᠠᠭᠰᠠᠨ ᠲᠣᠬᠢᠷᠠᠮᠵᠢᠲᠠᠢ ᠭᠠᠯ ᠤᠨᠲᠠᠷᠠᠭᠠᠬᠤ ᠂ ᠢᠵᠢ ᠪᠦᠷᠢᠳᠦᠭᠦᠯᠬᠦ ᠣᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠤᠨ᠎ᠠ ᠃ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠮᠡᠷᠭᠡᠵᠢᠯ ᠂ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠶᠡᠭᠡ ᠪᠠᠷ ᠰᠤᠳᠤᠯᠤᠨ ᠨᠡᠭᠡᠭᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ ᠃  ᠳᠥᠷᠪᠡ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ  ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠠᠷᠠᠯᠲᠠ ᠡᠭᠦᠷᠭᠡ ᠪᠠᠨ ᠲᠣᠭᠲᠠᠭᠠᠵᠤ ᠂ ᠳᠡᠭᠡᠷ᠎ᠡ ᠳᠣᠣᠷ᠎ᠠ ᠱᠠᠲᠤ ᠪᠠᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠪᠡᠯᠡ ᠮᠥᠩᠭᠦ ᠵᠡᠷᠭᠡ ᠪᠠᠲᠤᠯᠠᠭ᠎ᠠ ᠶᠢ ᠴᠢᠩᠭᠠᠳᠬᠠᠵᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠡᠮᠬᠢ ᠵᠢᠷᠤᠮ ᠲᠠᠢ ᠬᠡᠷᠡᠭᠵᠢᠭᠦᠯᠵᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ︽ᠯᠠᠷᠵᠢᠶ᠎ᠠ ᠶᠠᠩᠪᠠ ᠲᠠᠲᠠᠬᠤ︾ ᠶᠢ ᠡᠷᠡᠰ ᠬᠤᠷᠢᠭᠯᠠᠬᠤ ᠬᠡᠷᠡᠭᠲᠡᠢ ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠪᠠ ᠵᠣᠬᠢᠴᠠᠭᠤᠯᠤᠨ ᠳᠡᠮᠵᠢᠬᠦ ᠪᠠᠨ ᠴᠢᠩᠭᠠᠳᠬᠠᠵᠤ ᠂ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠃ ᠣᠷᠣᠨ ᠨᠤᠲᠤᠭ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠵᠦ ᠰᠢᠨ᠎ᠡ ᠶᠢ ᠡᠭᠦᠳᠴᠦ ᠂ ᠦᠷᠭᠦᠯᠵᠢᠯᠡᠬᠦ ᠴᠢᠨᠠᠷᠲᠠᠢ ᠬᠤᠳᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ  ᠶᠢ ᠳᠡᠮᠵᠢᠨ᠎ᠡ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号