5 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠂ ᠤᠰᠤᠨ ᠠᠰᠢᠭᠯᠠᠯᠲᠠ ᠶᠢᠨ ᠶᠠᠮᠤᠨ ᠤ | ᠰᠠᠶᠢᠳ ᠯᠢ ᠭᠦᠸᠧ ᠶᠢᠩ ᠤᠯᠠᠨ ᠤᠯᠤᠰ ᠤᠨ ᠶᠡᠭᠡ ᠬᠠᠰᠢᠯᠭ᠎ᠠ ᠶᠢᠨ ᠵᠥᠪᠯᠡᠯ ᠤᠨ 93 ᠳ᠋ᠤᠭᠠᠷ ᠬᠤᠭᠤᠴᠠᠭᠠᠨ ᠤ | ᠣᠨ ᠤ ᠬᠤᠷᠠᠯ ᠳᠤ ᠣᠷᠣᠯᠴᠠᠵᠤ ︽ᠲᠣᠭᠠᠴᠢᠯᠠᠭᠰᠠᠨ ᠤᠶᠤᠨᠴᠢ ᠪᠠᠷ ᠡᠨᠧᠷᠭᠢ ᠣᠯᠭᠤᠬᠤ ᠤᠰᠤᠨ ᠴᠥᠭᠦᠷᠥᠮ ᠤᠨ | ᠶᠡᠭᠡ ᠬᠠᠰᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠠᠵᠢᠯᠯᠠᠭᠤᠯᠵᠤ ᠬᠠᠮᠠᠭᠠᠯᠠᠶ᠎ᠠ︾ ᠭᠡᠬᠦ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ ᠂ ᠤᠯᠠᠨ ᠤᠯᠤᠰ ᠤᠨ ᠶᠡᠭᠡ | ᠬᠠᠰᠢᠯᠭ᠎ᠠ ᠶᠢᠨ ᠵᠥᠪᠯᠡᠯ ᠤᠨ ᠢᠷᠠᠭᠤ ᠠᠯᠳᠠᠷ ᠤᠨ ᠲᠡᠷᠢᠭᠦᠯᠡᠭᠴᠢ ᠺᠠᠰᠢᠤ᠋ · ᠸᠧᠢ ᠣᠣ ᠳ᠋ᠢ ᠲᠠᠢ ᠬᠠᠮᠲᠤ ᠪᠠᠷ | ᠳᠤᠮᠳᠠᠳᠤ ᠤᠯᠤᠰ ᠲᠤ ᠨᠠᠶᠢᠷᠠᠭᠤᠯᠤᠨ ᠵᠣᠬᠢᠶᠠᠭᠰᠠᠨ ︽ᠤᠶᠤᠨᠲᠤ ᠶᠡᠭᠡ ᠬᠠᠰᠢᠯᠭ᠎ᠠ ᠶᠢᠨ ᠣᠶᠢᠯᠠᠭᠠᠭᠳᠠᠬᠤᠨ ᠪᠠ | ᠦᠢᠯᠡᠳᠦᠯᠭᠡ︾ ᠶᠢᠨ ᠰᠢᠨ᠎ᠡ ᠨᠣᠮ ᠢ ᠨᠡᠶᠢᠲᠡᠯᠡᠪᠡ ᠃ ᠳᠡᠯᠡᠬᠡᠢ ᠶᠢᠨ ᠶᠡᠭᠡ ᠬᠠᠰᠢᠯᠭ᠎ᠠ ᠶᠢᠨ ᠵᠥᠪᠯᠡᠯ ᠤᠨ | ᠲᠡᠷᠢᠭᠦᠯᠡᠭᠴᠢ ᠮᠢᠱᠧᠯ · ᠯᠢ ᠨᠦᠸᠧ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ ᠃ ᠣᠯᠠᠨ ᠤᠯᠤᠰ ᠤᠨ | ᠤᠰᠤᠨ ᠠᠰᠢᠭᠯᠠᠯᠲᠠ ᠪᠣᠯᠤᠨ ᠣᠷᠴᠢᠨ ᠲᠣᠭᠤᠷᠢᠨ ᠤ ᠢᠨᠵᠧᠨᠧᠷ ᠤᠨ ᠨᠡᠶᠢᠭᠡᠮᠯᠢᠭ ᠤᠨ ᠲᠡᠷᠢᠭᠦᠯᠡᠭᠴᠢ ᠹᠢᠯᠢᠫᠫᠤ · | ᠭᠦ᠋ ᠪᠦᠸᠧ ᠸᠧᠢ ᠡᠯ ᠂ ᠣᠯᠠᠨ ᠤᠯᠤᠰ ᠤᠨ ᠤᠰᠤ ᠤᠰᠤᠯᠠᠬᠤ ᠤᠰᠤ ᠵᠠᠯᠠᠬᠤ ᠵᠥᠪᠯᠡᠯ ᠤᠨ ᠲᠡᠷᠢᠭᠦᠯᠡᠭᠴᠢ ᠮᠠᠷᠺ · | ᠠᠰᠢᠯᠢ ᠂ ᠣᠯᠠᠨ ᠤᠯᠤᠰ ᠤᠨ ᠤᠰᠤ ᠴᠠᠬᠢᠯᠭᠠᠨ ᠤ ᠨᠡᠶᠢᠭᠡᠮᠯᠢᠭ ᠤᠨ ᠬᠡᠷᠡᠭ ᠮᠡᠳᠡᠭᠴᠢᠳ ᠤᠨ ᠵᠥᠪᠯᠡᠯ ᠤᠨ | ᠲᠡᠷᠢᠭᠦᠯᠡᠭᠴᠢ ᠠᠨᠳᠦ᠋ᠩ — ᠯᠦᠶ᠋ᠢᠰ · ᠣᠣ ᠯᠢ ᠸᠧᠢ ᠡᠯ ᠬᠤᠷᠠᠯ ᠳᠤ ᠤᠷᠤᠯᠴᠠᠪᠠ ᠃ | ᠯᠢ ᠭᠦᠸᠧ ᠶᠢᠩ ᠵᠢᠭᠠᠵᠤ ᠭᠠᠷᠭᠠᠭᠰᠠᠨ ᠨᠢ ᠂ ᠣᠳᠣᠬᠠᠨ ᠳᠤ ᠪᠠ ᠢᠷᠡᠭᠡᠳᠦᠢ ᠶᠢᠨ ᠨᠢᠭᠡ ᠬᠤᠭᠤᠴᠠᠭᠠᠨ ᠳᠤ ᠂ | ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡ ᠨᠢ ᠲᠣᠭᠲᠠᠪᠤᠷᠢ ᠦᠭᠡᠢ ᠂ ᠲᠣᠭᠲᠠᠭᠤᠨ | ᠪᠤᠰᠤ ᠬᠦᠴᠦᠨ ᠵᠦᠢᠯ ᠡᠳᠦᠷ ᠢᠷᠡᠬᠦᠶ᠎ᠡ ᠨᠡᠮᠡᠭᠳᠡᠵᠦ ᠂ ᠶᠡᠭᠡ ᠬᠠᠰᠢᠯᠭ᠎ᠠ ᠳᠤ ᠲᠤᠯᠭᠠᠷᠠᠵᠤ ᠪᠠᠶᠢᠭ᠎ᠠ ᠣᠷᠴᠢᠨ | ᠲᠣᠭᠤᠷᠢᠨ ᠤ ᠨᠥᠬᠦᠴᠡᠯ ᠨᠡᠩ ᠪᠤᠳᠤᠯᠢᠶᠠᠨᠲᠠᠢ ᠂ ᠨᠡᠩ ᠬᠡᠲᠦᠷᠡᠮᠡᠬᠡᠢ ᠪᠤᠯᠵᠤ ᠂ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠡᠵᠡᠮᠳᠡᠵᠦ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠱᠠᠭᠠᠷᠳᠠᠯᠭ᠎ᠠ ᠨᠡᠩ ᠲᠤᠯᠭᠠᠮ᠎ᠠ ᠂ ᠨᠡᠩ | ᠲᠤᠪᠤᠶᠢᠮ᠎ᠠ ᠪᠤᠯᠵᠤ ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠳᠠᠭᠠᠯᠳᠤᠨ ᠂ ᠶᠡᠭᠡ ᠬᠠᠰᠢᠯᠭ᠎ᠠ ᠶᠢᠨ ᠪᠦᠳᠦᠭᠡᠨ | ᠪᠠᠶᠢᠭᠤᠯᠤᠯᠲᠠ ᠪᠠ ᠠᠵᠢᠯᠯᠠᠭᠤᠯᠵᠤ ᠬᠠᠮᠠᠭᠠᠯᠠᠬᠤ ᠲᠠᠯ᠎ᠠ ᠪᠠᠷ ᠤᠢᠢᠯᠠᠭᠠᠭᠳᠠᠬᠤᠨ ᠢ ᠲᠠᠬᠢᠨ ᠴᠣᠭᠴᠠᠯᠠᠬᠤ ᠂ | ᠮᠡᠷᠭᠡᠵᠢᠯ ᠤᠨ ᠬᠤᠪᠢᠰᠤᠯᠲᠠ ᠂ ᠵᠠᠭᠪᠤᠷ ᠢ ᠲᠠᠬᠢᠨ ᠴᠣᠭᠴᠠᠯᠠᠬᠤ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠰᠢᠨ᠎ᠡ | ᠡᠭᠦᠷᠭᠡ ᠲᠤᠯᠭᠠᠷᠠᠵᠤ ᠪᠠᠶᠢᠨ᠎ᠠ ᠃ | ᠯᠢ ᠭᠦᠸᠧ ᠶᠢᠩ ᠵᠢᠭᠠᠵᠤ ᠭᠠᠷᠭᠠᠭᠰᠠᠨ ᠨᠢ ᠂ ᠤᠶᠤᠨᠲᠤ ᠶᠡᠭᠡ ᠬᠠᠰᠢᠯᠭ᠎ᠠ ᠶᠢ ᠪᠠᠶᠢᠭᠤᠯᠬᠤ ᠪᠣᠯ ᠠᠶᠤᠯ | ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠂ ᠴᠠᠭ ᠦᠶ᠎ᠡ ᠶᠢᠨ ᠬᠤᠪᠢᠷᠠᠯᠲᠠ ᠶᠢ ᠡᠵᠡᠮᠳᠡᠬᠦ ᠂ ᠬᠥᠭᠵᠢᠯᠲᠡ ᠶᠢᠨ | ᠬᠥᠳᠡᠯᠭᠡᠬᠦ ᠬᠦᠴᠦᠨ ᠢ ᠪᠤᠢ ᠪᠣᠯᠭᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ ᠂ ᠤᠶᠤᠨᠲᠤ ᠶᠡᠭᠡ ᠬᠠᠰᠢᠯᠭ᠎ᠠ ᠪᠠᠷ | ᠬᠦᠳᠦᠯᠥᠨ ᠳᠠᠭᠠᠭᠤᠯᠵᠤ ᠂ ᠶᠡᠭᠡ ᠬᠠᠰᠢᠯᠭ᠎ᠠ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠢᠯᠯᠠᠭᠤᠯᠵᠤ ᠪᠠᠲᠤᠯᠠᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠣᠶᠤᠨᠴᠢ ᠶᠡᠭᠡ ᠬᠠᠰᠢᠯᠭ᠎ᠠ ᠶᠢᠨ ᠭᠤᠣᠯ ᠬᠠᠷᠠᠯᠲᠠ ᠪᠣᠯ | ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ | ᠪᠡᠶᠡᠯᠡᠭᠦᠯᠵᠦ ᠂ ᠪᠦᠬᠦᠨ ᠢ ᠬᠠᠮᠤᠷᠬᠤ ᠂ ᠪᠦᠬᠦ ᠬᠦᠴᠦᠨ ᠵᠦᠢᠯ ᠂ ᠪᠦᠬᠦᠯᠢ ᠡᠳᠦᠷ ᠂ ᠪᠦᠬᠦ ᠦᠶᠡᠯᠡᠯ ᠤᠨ | ᠬᠤᠭᠤᠴᠠᠭᠠᠨ ᠳᠤ ᠮᠡᠳᠡᠷᠡᠬᠦ ᠶᠡᠭᠡ ᠬᠠᠰᠢᠯᠭ᠎ᠠ ᠪᠣᠯᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠤᠨᠢᠨ | ᠳᠡᠭᠡᠷ᠎ᠡ ᠨᠢ ᠢᠯᠭᠠᠨ ᠲᠠᠨᠢᠵᠤ ᠂ ᠤᠷᠢᠳᠴᠢᠯᠠᠨ ᠰᠡᠷᠡᠮᠵᠢᠯᠡᠭᠦᠯᠵᠦ ᠂ ᠰᠢᠢᠳᠪᠦᠷᠢᠯᠡᠵᠦ ᠂ ᠣᠷᠴᠢᠨ ᠲᠣᠭᠤᠷᠢᠨ ᠤ | ᠨᠥᠬᠦᠴᠡᠯ ᠤᠨ ᠬᠤᠪᠢᠷᠠᠯᠲᠠ ᠶᠢ ᠦᠨᠳᠦᠰᠦᠯᠡᠨ ︽ᠵᠥᠪ ᠴᠢᠭᠯᠡᠯ — ᠡᠰᠡᠷᠭᠦ ᠴᠢᠭᠯᠡᠯ — ᠵᠥᠪ ᠴᠢᠭᠯᠡᠯ︾ ᠤᠨ | ᠬᠥᠳᠡᠯᠦᠩᠭᠦᠢ ᠠᠬᠢᠭᠤᠯᠬᠤ ᠠᠵᠢᠯᠯᠠᠭᠠᠨ ᠤ ᠠᠷᠭ᠎ᠠ ᠬᠡᠯᠪᠡᠷᠢ ᠶᠢ ᠬᠡᠷᠡᠭᠵᠢᠭᠦᠯᠵᠦ ᠂ ᠶᠡᠭᠡ ᠬᠠᠰᠢᠯᠭ᠎ᠠ ᠶᠢᠨ | ᠴᠢᠳᠠᠮᠵᠢ ᠶᠢᠨ ᠲᠥᠪᠯᠡᠷᠡᠯ ᠂ ᠠᠶᠤᠯ ᠲᠦᠭᠰᠢᠭᠦᠷᠢ ᠳᠠᠪᠬᠤᠴᠠᠭᠰᠠᠨ ᠬᠤᠪᠢᠷᠠᠯᠲᠠ ᠶᠢᠨ ᠣᠷᠴᠢᠨ ᠲᠣᠭᠤᠷᠢᠨ ᠳᠤ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠨ᠎ᠠ ᠃ | ᠤᠶᠤᠨᠲᠤ ᠶᠡᠭᠡ ᠬᠠᠰᠢᠯᠭ᠎ᠠ ᠶᠢ ᠬᠡᠷᠡᠭᠵᠢᠭᠦᠯᠬᠦ ᠠᠷᠭ᠎ᠠ ᠵᠠᠮ ᠪᠣᠯ ᠲᠣᠭᠠᠴᠢᠯᠠᠭᠰᠠᠨ ᠢᠬᠡᠷ᠎ᠡ ᠠᠮᠢ ᠨᠠᠰᠤ ᠮᠥᠨ ᠂ | ᠠᠪᠤᠴᠠᠯᠳᠤᠯ ᠹᠢᠽᠢᠺ ᠤᠨ ᠶᠡᠭᠡ ᠬᠠᠰᠢᠯᠭ᠎ᠠ ᠪᠠ ᠲᠣᠭᠠᠴᠢᠯᠠᠭᠰᠠᠨ ᠶᠡᠭᠡ ᠬᠠᠰᠢᠯᠭ᠎ᠠ ᠶᠢ ᠪᠠᠶᠢᠭᠤᠯᠵᠤ ᠂ ᠢᠵᠢᠯ | ᠠᠯᠬᠤᠮ ᠲᠠᠢ ᠠᠵᠢᠯᠯᠠᠭᠠᠨ ᠤ ᠲᠠᠪᠴᠠᠩ ᠢ ᠪᠠᠶᠢᠭᠤᠯᠵᠤ ᠂ ᠶᠡᠭᠡ ᠬᠠᠰᠢᠯᠭ᠎ᠠ ᠶᠢᠨ ᠴᠢᠨᠠᠷᠲᠠᠢ ᠪᠥᠬᠦ ᠬᠦᠴᠦᠨ ᠵᠦᠢᠯ | ᠪᠠ ᠠᠵᠢᠯᠯᠠᠭᠠᠨ ᠤ ᠬᠠᠮᠢᠶᠠᠷᠤᠯᠲᠠ ᠶᠢᠨ ᠪᠥᠬᠦ ᠶᠠᠪᠤᠴᠠ ᠳᠤ ᠲᠣᠭᠠᠴᠢᠯᠠᠭᠰᠠᠨ ᠲᠤᠰᠬᠠᠯ ᠂ ᠣᠶᠤᠨᠴᠢᠯᠠᠭᠰᠠᠨ | ᠳᠠᠭᠤᠷᠢᠶᠠᠯᠲᠠ ᠬᠢᠵᠦ ᠂ ᠬᠡᠶᠢᠰᠪᠦᠷᠢ ᠪᠣᠳᠠᠲᠤ ᠰᠣᠯᠢᠯᠴᠠᠭ᠎ᠠ ᠂ ᠬᠤᠯᠪᠣᠯᠳᠤᠯ ᠢ ᠰᠢᠯᠢᠳᠡᠭᠵᠢᠭᠦᠯᠵᠦ ᠂ ᠳᠣᠭᠢᠷᠠᠭᠤᠯᠤᠨ | ᠵᠢᠯᠣᠭᠤᠳᠬᠤ ᠰᠢᠨᠵᠢᠯᠡᠬᠦ ᠤᠬᠠᠭᠠᠨᠴᠢ ᠴᠢᠨᠠᠷ ᠂ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠦᠨ᠎ᠡ ᠃ ᠤᠶᠤᠨᠲᠤ ᠶᠡᠭᠡ | ᠬᠠᠰᠢᠯᠭ᠎ᠠ ᠶᠢᠨ ᠭᠤᠤᠯ ᠣᠨᠴᠠᠯᠢᠭ ᠪᠣᠯ ᠢᠷᠡᠭᠡᠳᠦᠶ ᠶᠢ ᠤᠷᠢᠳᠴᠢᠯᠠᠨ ᠵᠢᠱᠢᠵᠦ ᠂ ᠬᠢᠨᠠᠨ ᠬᠡᠮᠵᠢᠬᠦ ᠰᠡᠷᠡᠯ ᠤᠨ | ᠳ᠋ᠠᠶᠢᠲ᠋ᠠ ᠪᠠ ᠵᠠᠳᠠᠯᠤᠨ ᠣᠨᠣᠰᠢᠯᠠᠬᠤ ᠮᠡᠷᠭᠡᠵᠢᠯ ᠢᠶᠠᠷ ᠳᠠᠮᠵᠢᠭᠤᠯᠤᠨ ᠂ ᠶᠡᠭᠡ ᠬᠠᠰᠢᠯᠭ᠎ᠠ ᠶᠢᠨ ᠠᠮᠤᠷ ᠲᠦᠪᠰᠢᠨ ᠪᠠ | ᠦᠷ᠎ᠡ ᠠᠰᠢᠭ ᠢ ᠪᠠᠳᠠᠷᠠᠭᠤᠯᠵᠤ ᠪᠠᠶᠢᠭ᠎ᠠ ᠡᠯ᠎ᠡ ᠲᠠᠯ᠎ᠠ ᠶᠢᠨ ᠡᠯᠧᠮᠧᠨ᠋ᠲ ᠤᠨ ᠬᠤᠪᠢᠷᠠᠯᠲᠠ ᠶᠢ ᠣᠬᠤᠷ | ᠬᠤᠭᠤᠴᠠᠭᠠᠨ ᠳᠤ ᠤᠷᠢᠳᠴᠢᠯᠠᠨ ᠮᠡᠳᠡᠭᠡᠯᠡᠬᠦ ᠂ ᠳᠤᠮᠳᠠ ᠬᠤᠭᠤᠴᠠᠭᠠᠨ ᠤ ᠵᠢᠱᠢᠯᠲᠡ ᠂ ᠣᠷᠳᠣ ᠬᠤᠭᠤᠴᠠᠭᠠᠨ ᠤ | ᠪᠠᠷᠠᠯᠠᠯ ᠬᠢᠵᠦ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠂ ᠶᠡᠭᠡ | ᠬᠠᠰᠢᠯᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠢᠢᠳᠪᠦᠷᠢᠯᠡᠬᠦ ᠶᠠᠪᠤᠴᠠ ᠪᠠ ᠶᠡᠭᠡ | ᠬᠠᠰᠢᠯᠭ᠎ᠠ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠶᠠᠪᠤᠴᠠ ᠶᠢ ᠤᠷᠢᠳᠴᠢᠯᠠᠨ ᠲᠣᠭᠯᠠᠵᠤ ᠂ ᠪᠡᠯᠡᠳᠬᠡᠯ | ᠲᠥᠰᠦᠯ ᠤᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠰᠢᠯᠢᠳᠡᠭᠵᠢᠭᠦᠯᠦᠨ ᠂ ᠶᠡᠭᠡ ᠬᠠᠰᠢᠯᠭ᠎ᠠ ᠶᠢᠨ ᠠᠮᠤᠷ ᠲᠦᠪᠰᠢᠨ ᠤ | ᠴᠢᠨᠠᠷᠲᠠᠶ ᠪᠠᠶᠢᠳᠠᠯ ᠢ ᠲᠦᠷᠭᠡᠨ ᠪᠠᠶᠢᠭᠤᠯᠵᠤ ᠬᠥᠳᠡᠯᠦᠩᠭᠦᠶ ᠪᠠᠷ ᠰᠠᠶᠢᠵᠢᠷᠠᠭᠤᠯᠬᠤ ᠶᠢ ᠪᠡᠶᠡᠯᠡᠭᠦᠯᠬᠦ ᠶᠠᠪᠤᠳᠠᠯ | ᠪᠣᠯᠤᠨ᠎ᠠ ᠃ | ᠳᠡᠯᠡᠬᠡᠢ ᠶᠢᠨ ᠬᠠᠰᠢᠯᠭ᠎ᠠ ᠶᠢᠨ ᠠᠵᠤ ᠦᠢᠯᠡᠳᠪᠦᠷᠢ ᠶᠢᠨ ᠬᠦᠷᠢᠶᠡᠨ ᠤ ᠬᠤᠯᠪᠣᠭᠳᠠᠯ ᠪᠦᠬᠦᠢ ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠂ ᠵᠠᠰᠠᠭ ᠤᠨ ᠣᠷᠳᠣᠨ ᠤ ᠪᠠᠶᠢᠭᠤᠯᠤᠮᠵᠢ ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠂ ᠲᠤᠰᠬᠠᠢ ᠮᠡᠷᠭᠡᠵᠢᠯᠲᠡᠨ | ᠡᠷᠳᠡᠮᠲᠡᠨ 450 ᠬᠦᠮᠦᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ ᠃ ᠬᠤᠷᠠᠯ ᠳᠤ ᠣᠷᠣᠯᠴᠠᠭᠰᠠᠨ | ᠲᠤᠰᠬᠠᠢ ᠮᠡᠷᠭᠡᠵᠢᠯᠲᠡᠳ ᠳᠤᠮᠳᠠᠳᠤ ᠤᠯᠤᠰ ᠤᠨ ᠣᠶᠤᠨᠴᠢ ᠶᠡᠭᠡ ᠬᠠᠰᠢᠯᠭ᠎ᠠ ᠶᠢ ᠪᠠᠶᠢᠭᠤᠯᠬᠤ ᠣᠶᠢᠯᠠᠭᠠᠭᠳᠠᠬᠤᠨ | ᠪᠣᠯᠤᠨ ᠦᠢᠯᠡᠳᠦᠯᠭᠡ ᠶᠢ ᠳᠡᠭᠡᠳᠦ ᠬᠡᠮᠵᠢᠶ᠎ᠡ ᠪᠠᠷ ᠦᠨᠡᠯᠡᠵᠦ ᠂ ᠣᠶᠤᠨᠴᠢ ᠶᠡᠭᠡ ᠬᠠᠰᠢᠯᠭ᠎ᠠ ᠪᠠᠷ ᠪᠡᠯᠭᠡ ᠲᠡᠮᠳᠡᠭ | ᠪᠣᠯᠭᠠᠭᠰᠠᠨ ᠶᠡᠭᠡ ᠬᠠᠰᠢᠯᠭ᠎ᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ | ᠬᠤᠪᠢᠷᠠᠭᠤᠯᠬᠤ ᠨᠢ ᠯᠠᠪᠲᠠᠢ ᠭᠡᠵᠦ ᠦᠵᠡᠪᠡ ᠃ | ᠵᠣᠬᠢᠶᠠᠭᠴᠢ᠄ ᠴᠧᠨ ᠮᠧᠩ ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ | |