5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ ᠂ ᠶᠡᠷᠦᠩᠬᠡᠢ ᠱᠦᠵᠢ ᠰᠢ ᠶᠢᠨ ᠫᠢᠩ | ᠾᠧᠨᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠨᠢ ᠵᠣᠷᠢᠭᠵᠢᠭᠤᠯᠤᠨ ᠂ ᠬᠦᠴᠦᠨ ᠢ ᠨᠢ ᠨᠢᠭᠲᠠᠷᠠᠭᠤᠯᠵᠤ ᠂ | ᠥᠷᠭᠡᠨ ᠤᠯᠠᠨ ᠺᠠᠳ᠋ᠷ ᠤᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ ᠂ ᠵᠠᠮ ᠨᠡᠭᠡᠭᠡᠨ ᠤᠷᠤᠭᠰᠢᠯᠠᠬᠤ ᠶᠢ ᠨᠢ | ᠵᠣᠷᠢᠭᠵᠢᠭᠤᠯᠪᠠ ᠃ | ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ | ᠴᠢᠨᠠᠷ ᠢ ᠠᠷᠭᠠᠴᠠᠭᠠᠨ᠎ᠠ | ︽ᠪᠢᠳᠡ ᠣᠳᠣ ᠶᠠᠭ ᠳᠡᠯᠡᠬᠡᠢ ᠶᠢᠨ ᠳᠡᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠢᠮᠳᠠᠭᠤᠯᠤᠨ | ᠪᠠᠶᠢᠭᠤᠯᠵᠤ ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ︾ ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠣᠷᠣᠯᠴᠠᠭᠠᠳ ᠂ ᠾᠧᠨᠠᠨ ᠤ | ᠵᠧᠩᠵᠧᠦ ᠶᠢᠨ ᠠᠭᠠᠷ ᠠᠶᠠᠯᠠᠯ ᠤᠨ ᠭᠠᠷᠠᠮ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠬᠠᠢ ᠲᠤᠤ ᠶᠢᠨ ᠢᠲᠡᠭᠡᠯ ᠵᠣᠷᠢᠭ ᠤᠯᠠᠮ ᠨᠡᠮᠡᠭᠳᠡᠵᠦ ᠂ ︽ | ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ | ᠠᠷᠭᠠᠴᠠᠭᠠᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠂ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ︾ | ᠭᠡᠪᠡ ᠃ | ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠴᠢᠩᠭᠠᠳᠬᠠᠨ᠎ᠠ | ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠂ ᠰᠢᠨ᠎ᠡ ᠶᠢ ᠡᠭᠦᠳᠬᠦ | ᠠᠵᠢᠯᠯᠠᠭ᠎ᠠ ᠂ ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠬᠠᠨᠳᠤᠭᠤᠯᠤᠨ ᠬᠦᠴᠦᠯᠡᠵᠦ ᠂ ᠰᠢᠨ᠎ᠡ ᠪᠠᠷ | ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︾ ᠃ ᠰᠧᠴᠤᠸᠠᠨ ᠤ ᠮᠸᠢᠢᠱᠠᠨ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠤᠨ ᠳᠡᠳ᠋ ᠳᠠᠷᠤᠭ᠎ᠠ ᠴᠢᠦᠢ ᠪᠥᠸᠧ ᠬᠡᠯᠡᠬᠦ ᠳᠤ ᠪᠠᠨ ᠂ ᠳᠠᠷᠠᠭᠠᠴᠢ ᠶᠢᠨ ᠠᠯᠬᠤᠮ ᠳᠤ ᠂ ᠴᠢᠨᠠᠷ ᠰᠠᠶᠢᠲᠠᠢ | ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠪᠠᠳᠠᠷᠠᠭᠤᠯᠬᠤ ᠳᠤ ᠨᠢ ᠠᠷᠭ᠎ᠠ ᠵᠠᠮ ᠢ ᠨᠢ ᠥᠷᠭᠡᠳᠬᠡᠵᠦ ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠣᠨᠣᠯᠵᠢᠬᠤᠨ ᠢ ᠦᠢᠯᠡᠳᠦᠯᠭᠡᠵᠢᠭᠦᠯᠵᠦ ᠂ ᠡᠯ᠎ᠡ ᠲᠠᠯ᠎ᠠ ᠶᠢᠨ ᠬᠢᠨ ᠢ ᠬᠥᠲᠥᠯᠥᠨ | ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ ᠭᠡᠪᠡ ᠃ | ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ | ︽ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠠᠨ | ᠪᠣᠯᠭᠠᠵᠤ ᠂ ᠪᠢᠳᠡ ᠡᠭᠦᠷᠭᠡ ᠬᠠᠷᠢᠭᠤᠴᠠᠯᠭ᠎ᠠ ᠪᠠᠨ ᠨᠡᠩ ᠬᠢᠨᠠᠮᠠᠭᠠᠢ ᠭᠦᠢᠴᠡᠳᠬᠡᠵᠦ ᠂ ᠠᠵᠢᠯ ᠤᠨ ᠭᠤᠣᠯᠳᠠᠯᠭ᠎ᠠ ᠪᠠᠨ | ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠳᠤ ᠲᠠᠯᠪᠢᠵᠤ ᠂ ᠰᠤᠷᠤᠯᠴᠠᠬᠤ ᠳᠤ ᠪᠠᠨ ᠤᠬᠠᠮᠵᠢ ᠰᠠᠶᠢᠲᠠᠢ ᠂ | ᠪᠠᠶᠢᠴᠠᠭᠠᠬᠤ ᠳᠤ ᠪᠠᠨ ᠬᠦᠴᠦᠯᠡᠴᠡ ᠲᠠᠢ ᠂ ᠥᠭᠡᠷᠡᠴᠢᠯᠡᠬᠦ ᠳᠤ ᠪᠠᠨ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠨ᠎ᠠ ︾ ᠃ ᠴᠧᠩᠳᠦ᠋ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ | ᠲᠤᠰᠬᠠᠢ ᠠᠩᠭᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ ᠭᠠᠨ ᠯᠢ ᠵᠢᠶᠦ᠋ᠨ ᠢᠩᠭᠢᠵᠦ ᠢᠯᠡᠷᠬᠡᠶᠢᠯᠡᠪᠡ ᠃ | |