ᠬᠢᠩᠭᠠᠨ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ | ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ | ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠥᠷᠨᠢᠭᠦᠯᠬᠦ ᠲᠤᠬᠠᠢ | ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ︽ᠭᠤᠷᠪᠠ ᠶᠢ ᠬᠠᠮᠢᠶᠠᠷᠬᠤ ᠳᠤ | ᠭᠤᠷᠪᠠᠨ ᠡᠷᠬᠡᠪᠰᠢ ᠶᠢ ᠭᠦᠢᠴᠡᠳᠬᠡᠬᠦ︾ ᠪᠠᠷ ᠵᠠᠷᠴᠢᠮ ᠪᠣᠯᠭᠠᠵᠤ ᠂ ︽ᠨᠢᠭᠡ ᠵᠢᠷᠤᠭ ᠂ ᠲᠦᠷᠪᠡᠨ ᠲᠦᠷᠢᠮ ᠂ | ᠲᠦᠷᠪᠡᠨ ᠣᠷᠣᠨ ᠪᠦᠰᠡ ᠂ ᠲᠠᠪᠤ ᠶᠢ ᠣᠷᠣᠭᠤᠯᠬᠤ︾ ᠤᠰᠤ ᠠᠷᠪᠢᠯᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠲᠣᠭᠲᠠᠭᠠᠨ ᠬᠡᠷᠡᠭᠵᠢᠭᠦᠯᠵᠦ ᠂ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠪᠡ ᠃ | ︽ᠨᠢᠭᠡ︾ ᠤᠰᠤᠨ ᠤ ᠡᠬᠢ ᠪᠠᠶᠠᠯᠢᠭ ᠤᠨ ᠵᠢᠷᠤᠭ ᠢ ᠪᠠᠷᠢᠵᠤ ᠬᠠᠮᠢᠶᠠᠷᠬᠤ ᠡᠵᠡᠮᠳᠡᠬᠦ ᠠᠳᠬᠤᠬᠤ ᠶᠢ | ᠵᠢᠷᠤᠭᠯᠠᠪᠠ | ᠬᠢᠩᠭᠠᠨ ᠠᠶᠢᠮᠠᠭ 28 ᠭᠠᠵᠠᠷ ᠳᠣᠤᠷᠠᠬᠢ ᠤᠰᠤᠨ ᠤ ᠨᠢᠭᠡᠴᠢ ᠶᠢᠨ ᠬᠠᠮᠢᠶᠠᠷᠤᠨ ᠡᠵᠡᠮᠳᠡᠬᠦ ᠬᠦᠢᠴᠡᠳᠬᠡᠯ | ᠲᠤᠭ᠎ᠠ ᠪᠠᠷ ᠬᠠᠲᠠᠭᠤ ᠬᠢᠵᠠᠭᠠᠷᠯᠠᠯ ᠪᠣᠯᠭᠠᠵᠤ ᠂ 4 ᠲᠠᠯ᠎ᠠ ︵ᠲᠠᠷᠢᠶᠠᠯᠠᠩ ᠤᠨ ᠤᠰᠤᠯᠠᠯᠲᠠ ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠂ ᠬᠤᠲᠠ ᠪᠠᠯᠭᠠᠰᠤᠨ ᠤ ᠠᠮᠢᠳᠤᠷᠠᠯ ᠪᠠ ᠠᠮᠢ ᠠᠬᠤᠶ ᠶᠢᠨ ᠤᠰᠤ | ᠨᠥᠬᠦᠪᠥᠷᠢᠯᠡᠬᠦ︶ ᠠᠴᠠ 5 ᠲᠦᠮᠡ ᠭᠠᠷᠤᠶ ᠮᠠᠰᠢᠨ ᠴᠠᠬᠢᠯᠭᠠᠨ ᠬᠤᠳᠳᠤᠭ ᠤᠨ ᠤᠰᠤᠨ ᠤ ᠡᠬᠢ ᠪᠠᠶᠠᠯᠢᠭ ᠢ | ᠨᠤᠲᠠᠯᠠᠬᠤ ᠂ ᠤᠰᠤ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠ ᠤᠰᠤ ᠬᠠᠩᠭᠠᠬᠤ ᠬᠡᠮᠵᠢᠶ᠎ᠡ ᠶᠢᠨ ᠦᠨᠡᠨ | ᠪᠣᠳᠠᠲᠤ ᠴᠢᠨᠠᠷ ᠂ ᠬᠠᠤᠯᠢ ᠶᠣᠰᠣᠴᠢ ᠴᠢᠨᠠᠷ ᠵᠢᠴᠢ ᠵᠦᠶ ᠶᠣᠰᠣᠴᠢ ᠴᠢᠨᠠᠷ ᠢ ᠣᠨᠣᠪᠴᠢᠲᠠᠶ ᠡᠵᠡᠮᠳᠡᠵᠦ ᠂ ᠪᠥᠬᠦ | ᠠᠶᠢᠮᠠᠭ ᠤᠨ ᠬᠠᠮᠢᠶᠠᠷᠤᠨ ᠡᠵᠡᠮᠳᠡᠬᠦ ᠬᠦᠢᠴᠡᠳᠬᠡᠯ ᠲᠤᠭ᠎ᠠ ᠂ ᠨᠢᠭᠡᠨᠲᠡ ᠬᠡᠷᠡᠭᠯᠡᠭᠰᠡᠨ ᠤᠰᠤᠨ ᠤ ᠬᠡᠮᠵᠢᠶ᠎ᠡ ᠬᠢᠭᠡᠳ | ᠤᠰᠤ ᠬᠡᠷᠡᠭᠯᠡᠵᠦ ᠪᠣᠯᠬᠤ ᠤᠰᠤᠨ ᠤ ᠬᠡᠮᠵᠢᠶ᠎ᠡ ᠯᠦᠭᠡ ᠬᠠᠷᠢᠴᠠᠭ᠎ᠠ ᠲᠠᠢ ᠤᠰᠤᠨ ᠤ ᠡᠬᠢ ᠪᠠᠶᠠᠯᠢᠭ ᠤᠨ ︽ᠨᠢᠭᠡ | ᠵᠢᠷᠤᠭ︾ ᠢ ᠬᠥᠳᠡᠯᠦᠩᠭᠦᠶ ᠪᠠᠷ ᠢᠯᠡᠷᠡᠭᠦᠯᠪᠡ ᠃ ︽ᠨᠢᠭᠡ ᠵᠢᠷᠤᠭ︾ ᠤᠨ ᠬᠠᠮᠢᠶᠠᠷᠤᠨ ᠡᠵᠡᠮᠳᠡᠬᠦ ᠰᠦᠯᠵᠢᠶ᠎ᠡ ᠪᠠᠷ | ᠳᠠᠮᠵᠢᠭᠤᠯᠤᠨ ᠂ ᠭᠠᠵᠠᠷ ᠳᠣᠤᠷᠠᠬᠢ ᠤᠰᠤ ᠶᠢ ᠠᠰᠢᠭᠯᠠᠬᠤ ᠶᠢ ᠴᠢᠩᠭ᠎ᠠ ᠬᠠᠮᠢᠶᠠᠷᠴᠤ ᠂ ᠲᠠᠷᠢᠶᠠᠯᠠᠩ ᠤᠨ | ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠵᠦᠶ ᠵᠣᠬᠢᠰ ᠥᠬᠡᠶ ᠤᠰᠤ ᠲᠠᠲᠠᠬᠤ ᠵᠢᠴᠢ ᠬᠦᠢᠴᠡᠳᠬᠡᠯ | ᠲᠤᠭ᠎ᠠ ᠠᠴᠠ ᠬᠡᠲᠦᠷᠡᠭᠦᠯᠦᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠡᠭᠦᠰᠬᠦ ᠶᠢ ᠡᠷᠡᠰ | ᠬᠤᠷᠢᠭᠯᠠᠵᠤ ᠂ ᠪᠥᠬᠦ ᠠᠶᠢᠮᠠᠭ ᠤᠨ ᠭᠠᠵᠠᠷ ᠳᠣᠤᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ ᠦᠷᠭᠦᠯᠵᠢᠯᠡᠨ | ᠪᠠᠲᠤᠯᠠᠪᠠ ᠃ | ︽ᠳᠦᠷᠪᠡᠨ︾ ᠵᠦᠢᠯ ᠤᠨ ᠳᠦᠷᠢᠮ ᠤᠨ ᠰᠢᠰᠲ᠋ᠧᠮ ᠢ ᠪᠠᠶᠢᠭᠤᠯᠤᠨ ᠴᠢᠩᠭ᠎ᠠ ᠬᠢᠵᠠᠭᠠᠷᠯᠠᠪᠠ | ᠨᠢᠭᠡ ᠳᠤ ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠂ ᠤᠰᠤ ᠬᠡᠷᠡᠭᠯᠡᠬᠦ ᠶᠢ ᠬᠡᠮᠵᠢᠬᠦ ᠂ ᠤᠰᠤ ᠠᠷᠪᠢᠯᠠᠬᠤ | ᠵᠠᠬ᠎ᠠ ᠳᠡᠯᠭᠡᠭᠦᠷ ᠂ ᠤᠰᠤ ᠠᠷᠪᠢᠯᠠᠬᠤ ᠮᠡᠷᠭᠡᠵᠢᠯ ᠵᠢᠴᠢ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠲᠠᠷᠢᠶᠠᠯᠠᠩ ᠤᠨ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠢ ᠪᠠᠶᠢᠭᠤᠯᠤᠨ᠎ᠠ ᠃ ᠬᠤᠶᠠᠷ ᠲᠤ ᠂ ᠨᠣᠷᠮ᠎ᠠ ᠲᠣᠭᠲᠠᠭᠠᠨ | ᠬᠠᠮᠢᠶᠠᠷᠬᠤ ᠂ ᠨᠠᠷᠢᠯᠢᠭ ᠣᠨᠣᠴᠠᠲᠠᠶ ᠪᠠᠷ ᠬᠡᠮᠵᠢᠬᠦ ᠂ ᠡᠷᠭᠢᠯᠳᠦᠭᠦᠯᠦᠨ ᠠᠰᠢᠭᠯᠠᠬᠤ ᠂ ᠤᠰᠤ ᠬᠡᠷᠡᠭᠯᠡᠬᠦ ᠡᠷᠬᠡ ᠶᠢᠨ | ᠠᠷᠠᠯᠵᠢᠶ᠎ᠠ ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠵᠡᠷᠭᠡ ᠠᠭᠤᠯᠭ᠎ᠠ ᠶᠢ ᠬᠠᠮᠤᠷᠤᠭᠰᠠᠨ ᠠᠵᠤ | ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠢᠮ ᠢ | ᠪᠠᠶᠢᠭᠤᠯᠤᠨ᠎ᠠ ᠃ ᠭᠤᠷᠪᠠ ᠳᠤ ᠂ ᠤᠰᠤᠨ ᠤ ᠡᠬᠢ ᠪᠠᠶᠠᠯᠢᠭ ᠤᠨ ᠭᠠᠶᠢᠯᠢ ᠂ ᠭᠡᠷ᠎ᠡ ᠶᠢᠨ ᠤᠰᠤ ᠠᠷᠪᠢᠯᠠᠬᠤ ᠂ ᠳᠠᠬᠢᠯᠲᠠ | ᠤᠰᠤ ᠶᠢ ᠠᠰᠢᠭᠯᠠᠬᠤ ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠵᠡᠷᠭᠡ ᠠᠭᠤᠯᠭ᠎ᠠ ᠶᠢ ᠪᠠᠭᠲᠠᠭᠠᠭᠰᠠᠨ ᠬᠤᠲᠠ | ᠬᠥᠳᠡᠭᠡ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠳᠦᠷᠢᠮ ᠢ ᠪᠠᠶᠢᠭᠤᠯᠤᠨ᠎ᠠ ᠃ ᠳᠥᠷᠪᠡ ᠳᠤ ᠂ ᠠᠮᠢ | ᠠᠬᠤᠶ ᠶᠢᠨ ᠤᠰᠤ ᠬᠡᠷᠡᠭᠯᠡᠬᠦ ᠪᠠᠲᠤᠯᠠᠭ᠎ᠠ ᠶᠢᠨ ᠲᠦᠷᠢᠮ ᠵᠡᠷᠭᠡ ᠠᠭᠤᠯᠭ᠎ᠠ ᠶᠢ ᠬᠠᠮᠤᠷᠤᠭᠰᠠᠨ ᠠᠮᠢ ᠠᠬᠤᠶ ᠶᠢᠨ ᠤᠰᠤ | ᠠᠷᠪᠢᠯᠠᠬᠤ ᠤᠰᠤ ᠨᠥᠬᠦᠪᠥᠷᠢᠯᠡᠬᠦ ᠲᠦᠷᠢᠮ ᠢ ᠪᠠᠶᠢᠭᠤᠯᠤᠨ᠎ᠠ ᠃ ᠳᠦᠷᠢᠮ ᠢᠶᠠᠷ ᠬᠢᠵᠠᠭᠠᠷᠯᠠᠬᠤ ᠂ ᠵᠠᠬ᠎ᠠ ᠳᠡᠯᠭᠡᠭᠦᠷ ᠢᠶᠠᠷ | ᠤᠷᠮᠠᠰᠢᠭᠤᠯᠬᠤ ᠂ ᠮᠡᠷᠭᠡᠵᠢᠯ ᠢᠶᠠᠷ ᠡᠨᠧᠷᠭᠢ ᠣᠯᠭᠤᠬᠤ ᠪᠠ ᠰᠣᠶᠣᠯ ᠤᠨ ᠬᠥᠲᠥᠯᠥᠨ ᠵᠢᠯᠣᠭᠤᠳᠬᠤ ᠶᠢᠨ | ᠬᠠᠮᠵᠢᠯᠴᠠᠬᠤ ᠦᠢᠯᠡᠳᠦᠯ ᠢᠶᠠᠷ ᠳᠠᠮᠵᠢᠭᠤᠯᠤᠨ ᠂ ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ︽ | ᠰᠠᠨᠠᠭᠠᠴᠢᠯᠭ᠎ᠠ ᠠᠴᠠ ᠪᠠᠨ ᠪᠤᠰᠤ ᠤᠰᠤ ᠠᠷᠪᠢᠯᠠᠬᠤ︾ ᠠᠴᠠ ︽ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ︾ | ᠬᠦᠷᠲᠡᠯᠡᠬᠢ ᠬᠡᠪ ᠵᠠᠭᠪᠤᠷ ᠢᠶᠠᠷ ᠬᠤᠪᠢᠷᠠᠭᠤᠯᠬᠤ ᠶᠢ ᠪᠡᠶᠡᠯᠡᠭᠦᠯᠦᠨ᠎ᠡ ᠃ | ︽ᠳᠥᠷᠪᠡ ᠶᠢ ᠬᠡᠷᠡᠭᠵᠢᠭᠦᠯᠬᠦ︾ ᠬᠦᠷᠢᠶ᠎ᠡ ᠶᠢ ᠴᠢᠩᠭ᠎ᠠ ᠠᠩᠬᠠᠷᠴᠤ ᠶᠠᠰᠤ ᠴᠢᠨᠠᠷ ᠦᠷ᠎ᠡ ᠪᠦᠲᠦᠮᠵᠢ ᠶᠢ | ᠨᠡᠮᠡᠭᠳᠡᠭᠦᠯᠪᠡ | ᠨᠢᠭᠡ ᠳᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠪᠡ ᠃ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠂ ᠲᠠᠷᠢᠶᠠᠯᠠᠩ ᠤᠨ ᠤᠰᠤ ᠬᠡᠷᠡᠭᠯᠡᠬᠦ | ᠬᠠᠮᠢᠶᠠᠷᠤᠯᠲᠠ ᠶᠢᠨ ᠲᠣᠭᠲᠠᠴᠠ ᠂ ᠲᠦᠢᠯ ᠤᠨ ᠣᠨᠣᠪᠴᠢᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠶᠢᠨ | ᠱᠠᠩᠨᠠᠬᠤ ᠲᠣᠭᠲᠠᠴᠠ ᠵᠢᠴᠢ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ︽ᠳᠥᠷᠪᠡᠨ ᠵᠦᠢᠯ ᠤᠨ | ᠲᠣᠭᠲᠠᠴᠠ︾ ᠶᠢ ᠪᠠᠶᠢᠭᠤᠯᠤᠨ ᠂ 700 ᠲᠦᠮᠡᠨ ᠮᠦ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠂ ᠲᠣᠮᠣ ᠳᠤᠮᠳᠠ | ᠬᠡᠯᠪᠡᠷᠢ ᠶᠢᠨ ᠤᠰᠤᠯᠠᠯᠲᠠ ᠶᠢᠨ ᠣᠷᠣᠨ ᠪᠣᠯᠤᠨ ᠬᠤᠳᠳᠤᠭ ᠤᠨ ᠤᠰᠤᠯᠠᠯᠲᠠ ᠶᠢᠨ ᠣᠷᠣᠨ ᠤ ᠤᠰᠤᠨ ᠤ | ᠰᠦᠢᠳᠬᠡᠯ ᠬᠤᠷᠢᠶᠠᠬᠤ ᠶᠢ ᠪᠡᠶᠡᠯᠡᠭᠦᠯᠵᠦ ᠂ ᠲᠠᠷᠢᠶᠠᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ ᠃ ᠢᠨᠵᠧᠨᠧᠷᠢᠩ ᠂ ᠲᠠᠷᠢᠶᠠᠯᠠᠩ ᠤᠨ ᠮᠡᠷᠭᠡᠵᠢᠯ ᠂ ᠲᠥᠷᠥᠯ ᠵᠦᠢᠯ ᠂ ᠪᠦᠲᠦᠴᠡ ᠂ ᠲᠣᠭᠲᠠᠴᠠ | ᠵᠡᠷᠭᠡ ︽ᠲᠠᠪᠤ ᠶᠢ ᠠᠷᠪᠢᠯᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠤᠰᠤᠨ ᠲᠤᠲᠤᠷᠭ᠎ᠠ ᠶᠢᠨ | ᠬᠠᠭᠤᠷᠠᠶ ᠪᠠᠷ ᠲᠠᠷᠢᠬᠤ ᠤᠰᠤᠨ ᠬᠤᠭᠤᠯᠠᠶ ᠂ 85 ᠲᠦᠮᠡᠨ ᠮᠦ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠤᠰᠤ ᠠᠷᠪᠢᠯᠠᠬᠤ | ᠲᠥᠷᠥᠯ ᠵᠦᠢᠯ ᠢ ᠬᠡᠷᠡᠭᠵᠢᠭᠦᠯᠵᠦ ᠂ ᠤᠰᠤ ᠠᠷᠪᠢᠯᠠᠬᠤ ᠬᠡᠯᠪᠡᠷᠢ ᠂ ᠥᠨᠳᠥᠷ ᠨᠡᠮᠡᠯᠲᠡ ᠥᠷᠲᠡᠭ ᠲᠠᠢ ᠲᠠᠷᠢᠶᠠᠯᠠᠩ ᠢ | ᠬᠥᠭᠵᠢᠭᠦᠯᠦᠨ ᠂ ᠪᠦᠲᠦᠴᠡ ᠶᠢᠨ ᠤᠰᠤ ᠠᠷᠪᠢᠯᠠᠬᠤ ᠬᠡᠯᠪᠡᠷᠢ ᠶᠢ 5 ᠲᠦᠮᠡᠨ ᠮᠦ ᠂ ᠥᠨᠳᠥᠷ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠲᠠᠯᠠᠪᠠᠶ ᠶᠢ 65 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠤᠰᠤ ᠠᠷᠪᠢᠯᠠᠵᠤ ᠠᠮᠤ | ᠪᠤᠳᠠᠭ᠎ᠠ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ 4 ᠰᠢᠶᠠᠨ ᠢ ᠡᠭᠦᠳᠦᠨ ᠪᠠᠶᠢᠭᠤᠯᠵᠤ ᠂ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠬᠤ ᠪᠠ ᠭᠦᠨ ᠬᠠᠭᠠᠯᠪᠤᠷᠢᠯᠠᠬᠤ ᠶᠢ ᠬᠡᠷᠡᠭᠵᠢᠭᠦᠯᠦᠨ ᠂ ᠲᠠᠷᠢᠶᠠᠯᠠᠩ ᠤᠨ ᠤᠰᠤ ᠠᠷᠪᠢᠯᠠᠬᠤ ᠪᠠ | ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠲᠠᠢ ᠬᠠᠮᠵᠢᠯᠴᠠᠨ ᠬᠥᠭᠵᠢᠬᠦ ᠶᠢ | ᠪᠡᠶᠡᠯᠡᠭᠦᠯᠦᠨ᠎ᠡ ᠃ | ᠬᠤᠶᠠᠷ ᠲᠤ ᠂ ︽ᠬᠤᠤᠰ ᠱᠤᠭᠤᠮ︾ ᠤᠨ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ ᠂ | ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠪᠡᠶᠡᠯᠡᠭᠦᠯᠪᠡ ᠃ ᠠᠵᠤ ᠠᠬᠤᠶᠢᠯᠠᠯ ᠤᠨ ᠤᠰᠤ ᠬᠡᠷᠡᠭᠯᠡᠬᠦ ︽ᠤᠯᠠᠭᠠᠨ ᠱᠤᠭᠤᠮ︾ ᠢ ᠴᠢᠩᠭᠠᠷᠠᠭᠤᠯᠵᠤ ᠂ ᠤᠰᠤ | ᠠᠪᠬᠤ ᠶᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ ᠂ ᠠᠵᠤ ᠦᠢᠯᠡᠳᠪᠦᠷᠢ ᠶᠢᠨ ᠠᠵᠢᠯ | ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠠᠵᠤ | ᠠᠬᠤᠶᠢᠯᠠᠯ ᠤᠨ ᠲᠡᠷᠢᠭᠦᠨ ᠤ ᠤᠰᠤ ᠠᠷᠪᠢᠯᠠᠬᠤ ᠤᠷ᠎ᠠ ᠮᠡᠷᠭᠡᠰᠢᠯ ᠂ ᠤᠰᠤ ᠠᠷᠪᠢᠯᠠᠬᠤ ᠮᠡᠷᠭᠡᠵᠢᠯ ᠪᠠ ᠤᠰᠤ | ᠠᠷᠪᠢᠯᠠᠬᠤ ᠲᠥᠬᠦᠭᠡᠷᠦᠮᠵᠢ ᠶᠢ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠵᠤ ᠂ 2025 ᠣᠨ ᠤ ᠡᠴᠦᠰ ᠲᠤ ᠪᠥᠬᠦ | ᠠᠶᠢᠮᠠᠭ ᠤᠨ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠬᠤ ᠨᠣᠷᠮ᠎ᠠ ᠶᠢ 2020 | ᠣᠨ ᠤ ᠬᠢ ᠠᠴᠠ ᠲᠣᠰ ᠲᠣᠰ 17% ᠪᠠ 10% ᠠᠴᠠ ᠳᠡᠭᠡᠭᠰᠢ ᠬᠠᠷᠠᠯᠲᠠ ᠡᠭᠦᠷᠭᠡ ᠶᠢ ᠪᠡᠶᠡᠯᠡᠭᠦᠯᠦᠨ᠎ᠡ ᠃ | ᠳᠠᠬᠢᠯᠲᠠ ᠤᠰᠤ ᠶᠢ ᠠᠰᠢᠭᠯᠠᠵᠤ ᠬᠠᠮᠢᠶᠠᠷᠤᠨ ᠡᠵᠡᠮᠳᠡᠬᠦ ︽ᠨᠣᠭᠤᠭᠠᠨ ᠱᠤᠭᠤᠮ︾ ᠢ ᠴᠢᠩᠭᠠᠳᠬᠠᠪᠠ ᠃ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ ᠂ | ᠳᠠᠬᠢᠯᠲᠠ ᠤᠰᠤ ᠶᠢ ᠳᠣᠭᠢᠷᠠᠭᠤᠯᠬᠤ ᠬᠠᠷᠢᠴᠠᠯ ᠢ ᠨᠡᠮᠡᠭᠳᠡᠭᠦᠯᠦᠨ ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠶᠢ ᠳᠠᠬᠢᠨ ᠳᠠᠪᠲᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 3 ᠪᠠ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ 1 ᠶᠢ ᠴᠢᠷᠮᠠᠶᠢᠨ ᠡᠭᠦᠳᠦᠨ ᠪᠠᠶᠢᠭᠤᠯᠵᠤ ᠂ ᠠᠶᠢᠮᠠᠭ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 10 | ᠪᠠ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ 3 ᠡᠷᠦᠬᠡ ᠬᠥᠮᠦᠵᠢᠭᠦᠯᠵᠦ ᠂ ᠠᠵᠤ ᠦᠢᠯᠡᠳᠪᠦᠷᠢ ᠶᠢᠨ | ᠪᠣᠬᠢᠷᠲᠤᠯ ᠥᠬᠡᠶ ᠬᠥᠭᠵᠢᠯᠲᠡ ᠶᠢ ᠦᠨᠡᠨ ᠬᠦ ᠠᠬᠢᠭᠤᠯᠤᠨ᠎ᠠ ᠃ | ᠭᠤᠷᠪᠠ ᠳᠤ ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠴᠢᠩᠭᠠᠳᠬᠠᠵᠤ ᠂ ᠬᠤᠲᠠ ᠪᠠᠯᠭᠠᠰᠤᠨ ᠤ ᠤᠰᠤ | ᠠᠷᠪᠢᠯᠠᠬᠤ ᠬᠤᠬᠢᠷᠠᠯ ᠢ ᠪᠠᠭᠠᠰᠬᠠᠬᠤ ᠶᠢ ᠪᠡᠶᠡᠯᠡᠭᠦᠯᠪᠡ ᠃ ᠤᠰᠤ ᠬᠠᠩᠭᠠᠬᠤ ᠬᠤᠭᠤᠯᠠᠶ ᠶᠢᠨ ᠲᠣᠣᠷ ᠢ ᠰᠢᠨᠡᠳᠬᠡᠨ | ᠥᠭᠡᠷᠡᠴᠢᠯᠡᠬᠦ 12 ᠲᠥᠷᠥᠯ ᠵᠦᠢᠯ ᠢ ᠬᠡᠷᠡᠭᠵᠢᠭᠦᠯᠵᠦ ᠂ 39.1 ᠺᠢᠯᠤᠮᠧᠲᠷ ᠬᠤᠭᠤᠯᠠᠢ ᠲᠣᠣᠷ ᠢ ᠥᠭᠡᠷᠡᠴᠢᠯᠡᠵᠦ ᠂ | ᠶᠡᠷᠦᠩᠬᠡᠶ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠴᠦᠰ ᠲᠤ ᠤᠰᠤ | ᠬᠠᠩᠭᠠᠬᠤ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠨᠢ 9% ᠠᠴᠠ ᠳᠣᠤᠷ᠎ᠠ ᠪᠠᠶᠢᠬᠤ ᠤᠰᠤ | ᠠᠷᠪᠢᠯᠠᠬᠤ ᠬᠠᠷᠠᠯᠲᠠ ᠶᠢ ᠪᠡᠶᠡᠯᠡᠭᠦᠯᠦᠨ᠎ᠡ ᠃ ᠬᠤᠲᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠲᠥᠷᠥᠯ | ᠵᠦᠢᠯ ᠢ 5 ᠬᠡᠷᠡᠭᠵᠢᠭᠦᠯᠵᠦ ᠂ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ 20 ᠺᠢᠯᠤᠮᠧᠲᠷ ᠠᠴᠠ ᠳᠡᠭᠡᠭᠰᠢ | ᠥᠭᠡᠷᠡᠴᠢᠯᠡᠵᠦ ᠂ ᠬᠤᠲᠠ ᠶᠢᠨ ᠤᠶᠠᠨ ᠬᠠᠳᠠᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠮᠠᠯᠵᠢᠬᠤ | ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ ᠂ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ | ᠳᠡᠭᠡᠭᠰᠢᠯᠡᠭᠦᠯᠦᠨ᠎ᠡ ᠃ | ᠲᠦᠷᠪᠡ ᠳᠤ ᠂ ᠤᠰᠤᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠵᠦ ᠂ ᠠᠮᠢ | ᠠᠬᠤᠢ ᠶᠢᠨ ᠤᠰᠤ ᠠᠷᠪᠢᠯᠠᠬᠤ ᠤᠰᠤ ᠨᠥᠬᠦᠪᠥᠷᠢᠯᠡᠬᠦ ᠶᠢ ᠪᠡᠶᠡᠯᠡᠭᠦᠯᠪᠡ ᠃ ᠨᠢᠭᠡ ᠲᠠᠯ᠎ᠠ ᠪᠠᠷ ᠂ ᠠᠮᠢ ᠠᠬᠤᠶ ᠶᠢᠨ | ᠤᠰᠤ ᠠᠷᠪᠢᠯᠠᠬᠤ ᠠᠵᠢᠯ ᠢ ᠰᠠᠶᠢᠲᠤᠷ ᠬᠢᠵᠦ ᠂ ᠠᠶᠠᠨᠳᠠᠭᠠᠨ ᠰᠡᠷᠭᠦᠭᠡᠬᠦ ᠪᠠ ᠬᠥᠮᠦᠨ ᠤ ᠬᠦᠴᠦ ᠪᠠᠷ ᠰᠡᠷᠭᠦᠭᠡᠬᠦ ᠶᠢ | ᠭᠦᠨᠵᠡᠭᠡᠶ ᠠᠭᠤᠰᠤᠯᠴᠠᠭᠤᠯᠵᠤ ᠂ ᠪᠣᠬᠢᠷᠲᠤᠯ ᠥᠬᠡᠶ ᠤᠰᠤ ᠠᠷᠪᠢᠯᠠᠬᠤ ᠲᠠᠷᠢᠮᠠᠯ ᠤᠨ ᠵᠠᠭᠪᠤᠷ ᠢ ᠳᠡᠯᠭᠡᠷᠡᠭᠦᠯᠦᠨ ᠂ | 2025 ᠣᠨ ᠳᠤ ᠠᠮᠢ ᠠᠬᠤᠶ ᠶᠢᠨ ᠣᠶ ᠰᠢᠭᠤᠶ ᠡᠪᠡᠰᠦᠨ ᠤ ᠤᠰᠤᠯᠠᠯᠲᠠ ᠶᠢᠨ ᠲᠠᠯᠠᠪᠠᠶ 8.53 ᠲᠦᠮᠡᠨ ᠮᠦ ᠂ | ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠠᠯᠠᠪᠠᠶ ᠶᠢ 31.73 ᠲᠦᠮᠡᠨ ᠮᠦ ᠂ ᠶᠡᠷᠦᠩᠬᠡᠶ ᠪᠠᠯᠠ | ᠣᠷᠣᠭᠤᠯᠤᠯᠲᠠ ᠨᠢ 9000 ᠲᠦᠮᠡᠨ ᠲᠥᠭᠦᠷᠢᠭ ᠰᠢᠬᠠᠮ ᠬᠡᠷᠡᠭᠵᠢᠭᠦᠯᠪᠡ ᠃ ᠨᠥᠭᠦᠭᠡ ᠲᠠᠯ᠎ᠠ ᠪᠠᠷ ᠂ ᠠᠮᠢ | ᠠᠬᠤᠶ ᠶᠢᠨ ᠤᠰᠤ ᠨᠥᠬᠦᠪᠥᠷᠢᠯᠡᠬᠦ ᠶᠢ ᠰᠠᠶᠢᠲᠤᠷ ᠬᠢᠵᠦ ᠂ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ | ᠨᠤᠲᠠᠯᠠᠬᠤ ᠶᠢ ᠴᠢᠩᠭ᠎ᠠ ᠬᠡᠷᠡᠭᠵᠢᠭᠦᠯᠦᠨ ᠂ ᠬᠢᠩᠭᠠᠨ ᠠᠶᠢᠮᠠᠭ ᠤᠨ ︽ᠤᠮᠠᠷᠠᠲᠦ ᠶᠢᠨ ᠭᠤᠷᠪᠠᠨ ᠤᠷᠤᠨ︾ ᠤ | ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠵᠢᠴᠢ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠲᠥᠯᠥᠪᠵᠢᠭᠦᠯᠭᠡ ᠳᠤ ᠬᠦᠴᠦᠨ ᠨᠡᠮᠡᠷᠢᠯᠡᠵᠦ ᠂ ᠲᠣᠮᠣ ᠳᠤᠮᠳᠠ ᠬᠡᠯᠪᠡᠷᠢ ᠶᠢᠨ ᠤᠰᠤ ᠲᠠᠲᠠᠬᠤ ᠂ ᠤᠰᠤᠨ | ᠰᠢᠰᠲ᠋ᠧᠮ ᠢ ᠬᠤᠯᠪᠣᠨ ᠨᠡᠪᠲᠡᠷᠡᠭᠦᠯᠬᠦ ᠵᠡᠷᠭᠡ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠪᠠᠷ | ᠢᠳᠡᠪᠬᠢᠲᠡᠶ ᠴᠢᠷᠮᠠᠶᠢᠵᠤ ᠂ ︽ᠤᠰᠤᠨ ᠤ ᠬᠥᠨᠥᠭᠡᠯ︾ ᠢ ︽ᠤᠰᠤᠨ ᠠᠰᠢᠭᠯᠠᠯᠲᠠ︾ ᠪᠣᠯᠭᠠᠨ ᠬᠤᠪᠢᠷᠠᠭᠤᠯᠬᠤ ᠶᠢ | ᠠᠬᠢᠭᠤᠯᠤᠨ᠎ᠠ ᠃ | ︽ᠲᠠᠪᠤ︾ ᠶᠢ ᠠᠬᠢᠭᠤᠯᠬᠤ ᠠᠷᠭ᠎ᠠ ᠬᠡᠮᠵᠢᠶ᠎ᠡ ᠶᠢ ᠠᠪᠴᠤ ᠦᠵᠡᠯ ᠤᠬᠠᠮᠰᠠᠷ ᠢ ᠳᠡᠭᠡᠭᠰᠢᠯᠡᠭᠦᠯᠪᠡ | ︽ᠬᠢᠩᠭᠠᠨ ᠠᠶᠢᠮᠠᠭ ᠤᠨ ᠤᠰᠤ ᠠᠷᠪᠢᠯᠠᠬᠤ ᠤᠬᠠᠭᠤᠯᠭ᠎ᠠ ᠶᠢᠨ ᠠᠵᠢᠯ ᠤᠨ ᠲᠥᠰᠦᠯ︾ ᠢ ᠲᠣᠭᠲᠠᠭᠠᠵᠤ ᠂ ︽ | ᠲᠠᠪᠤ ᠶᠢ ᠣᠷᠣᠭᠤᠯᠬᠤ︾ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ | ᠪᠥᠬᠦ ᠠᠶᠢᠮᠠᠭ ᠤᠨ ᠬᠡᠪᠴᠢᠶᠡᠨ ᠳᠤ ᠤᠰᠤ ᠠᠷᠪᠢᠯᠠᠬᠤ ᠠᠭᠤᠷ ᠠᠮᠢᠰᠬᠤᠯ ᠢ ᠪᠣᠶ ᠪᠣᠯᠭᠠᠵᠤ ᠂ ᠪᠥᠬᠦ ᠨᠡᠶᠢᠭᠡᠮ ᠤᠨ | ᠤᠰᠤ ᠠᠷᠪᠢᠯᠠᠬᠤ ᠤᠬᠠᠮᠰᠠᠷ ᠢ ᠶᠡᠬᠡᠪᠡᠷ ᠳᠡᠭᠡᠭᠰᠢᠯᠡᠭᠦᠯᠪᠡ ᠃ ᠨᠢᠭᠡ ᠳᠤ ᠂ ᠪᠠᠶᠢᠭᠤᠯᠭ᠎ᠠ ᠳᠤ ᠤᠷᠤᠪᠠ ᠃ ᠪᠠᠶᠢᠭᠤᠯᠭ᠎ᠠ | ᠨᠢᠭᠡᠴᠢ ᠶᠢᠨ ᠡᠯᠧᠺᠲᠷᠣᠨ ᠳᠡᠯᠭᠡᠴᠡ ᠶᠢ ᠠᠰᠢᠭᠯᠠᠨ ᠤᠰᠤ ᠠᠷᠪᠢᠯᠠᠬᠤ ᠤᠬᠠᠭᠤᠯᠭ᠎ᠠ ᠶᠢᠨ ᠹᠢᠯᠢᠮ ᠢ ᠦᠷᠭᠦᠯᠵᠢᠯᠡᠨ | ᠨᠡᠪᠲᠡᠷᠡᠭᠦᠯᠵᠦ ᠂ ᠤᠰᠤ ᠠᠷᠪᠢᠯᠠᠬᠤ ᠮᠡᠳᠡᠯᠭᠡ ᠶᠢ ᠪᠠᠶᠢᠭᠤᠯᠭ᠎ᠠ ᠳᠤ ᠣᠷᠣᠭᠤᠯᠤᠨ ᠤᠬᠠᠭᠤᠯᠬᠤ ᠨᠥᠯᠥᠭᠡᠯᠡᠬᠦ | ᠬᠦᠴᠦᠨ ᠢ ᠦᠷᠭᠦᠯᠵᠢᠯᠡᠨ ᠥᠷᠭᠡᠳᠬᠡᠨ᠎ᠡ ᠃ ᠬᠤᠶᠠᠷ ᠲᠤ ᠂ ᠰᠤᠷᠭᠠᠭᠤᠯᠢ ᠶᠢᠨ ᠬᠦᠷᠢᠶᠡᠨ ᠳᠤ ᠤᠷᠤᠪᠠ ᠃ ᠰᠢᠨ᠎ᠡ | ᠵᠠᠭᠤᠴᠢᠯᠠᠭᠤᠷ ᠢ ᠠᠰᠢᠭᠯᠠ ︽ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠷᠭᠠᠨ | ᠬᠥᠮᠥᠵᠢᠯ︾ ᠢ ᠠᠭᠤᠰᠤᠯᠴᠠᠭᠤᠯᠬᠤ ᠵᠠᠭᠪᠤᠷ ᠢ ᠡᠭᠦᠳᠦᠨ ᠪᠠᠶᠢᠭᠤᠯᠵᠤ ᠂ ᠴᠠᠷᠰᠤᠨ ᠤᠰᠤ ᠠᠷᠪᠢᠯᠠᠬᠤ ᠰᠤᠷᠭᠠᠨ | ᠬᠥᠮᠥᠵᠢᠯ ᠤᠨ ᠰᠠᠭᠤᠷᠢᠨ ᠭᠠᠵᠠᠷ ᠢ ᠳᠡᠭᠡᠭᠰᠢᠯᠡᠭᠦᠯᠦᠨ ᠥᠭᠡᠷᠡᠴᠢᠯᠡᠵᠦ ᠂ 360 ᠭᠷᠠᠳᠦ᠋ᠰ ᠤᠨ ᠵᠢᠪᠦᠮᠡᠯ ᠮᠠᠶ᠋ᠢᠭ ᠤᠨ ᠂ | ᠬᠠᠷᠢᠯᠴᠠᠨ ᠦᠢᠯᠡᠳᠦᠯᠴᠡᠬᠦ ᠴᠢᠨᠠᠷᠲᠠᠢ ᠦᠵᠡᠭᠦᠯᠭᠡ ᠶᠢ ᠪᠡᠶᠡᠴᠢᠯᠡᠨ ᠣᠶᠢᠯᠠᠭᠠᠬᠤ ᠶᠢ ᠪᠣᠢ ᠪᠣᠯᠭᠠᠨ᠎ᠠ ᠃ ᠭᠤᠷᠪᠠ ᠳᠤ ᠂ | ᠠᠵᠤ ᠠᠬᠤᠶᠢᠯᠠᠯ ᠳᠤ ᠤᠷᠤᠪᠠ ᠃ ᠤᠰᠤ ᠬᠡᠷᠡᠭᠯᠡᠬᠦ ᠲᠣᠮᠣ ᠡᠷᠦᠬᠡ ᠳᠤ ᠭᠦᠨᠵᠡᠭᠡᠶᠢᠷᠡᠨ ᠂ ᠤᠰᠤ ᠠᠷᠪᠢᠯᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ ᠂ ᠤᠰᠤ ᠠᠷᠪᠢᠯᠠᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠬᠤᠷ ᠸᠢᠳᠢᠣ᠋ ᠶᠢ ᠨᠡᠪᠲᠡᠷᠡᠭᠦᠯᠵᠦ ᠂ ᠲᠡᠷᠢᠭᠦᠨ ᠤ ᠤᠰᠤ ᠠᠷᠪᠢᠯᠠᠬᠤ | ᠠᠴᠢᠶᠠᠯᠠᠪᠤᠷᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ ᠲᠦᠷᠪᠡ ᠳᠤ ᠂ ᠨᠡᠶᠢᠭᠡᠮ | ᠲᠣᠭᠤᠷᠢᠭ ᠲᠤ ᠤᠷᠤᠪᠠ ᠃ ︽ᠤᠰᠤ ᠠᠷᠪᠢᠯᠠᠬᠤ ᠭᠤᠤᠯ ᠰᠡᠳᠦᠪᠲᠦ ᠴᠡᠴᠡᠷᠯᠢᠭ︾ ᠢ ᠠᠭᠤᠰᠤᠯᠴᠠᠭᠤᠯᠬᠤ | ᠵᠠᠭᠪᠤᠷ ᠢ ᠡᠭᠦᠳᠦᠨ ᠪᠠᠶᠢᠭᠤᠯᠵᠤ ᠂ ᠰᠤᠷᠭᠠᠨ ᠬᠥᠮᠦᠵᠢᠯ ᠂ ᠰᠡᠯᠡᠭᠦᠴᠡᠯ ᠤᠨ ᠴᠢᠳᠠᠮᠵᠢ ᠶᠢ ᠨᠢᠭᠡ ᠴᠣᠭᠴᠠᠵᠢᠭᠤᠯᠵᠤ ᠂ | ᠣᠯᠠᠨ ᠨᠡᠶᠢᠲᠡ ᠶᠢᠨ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠠᠮᠢᠳᠤᠯᠢᠭ ᠢᠶᠠᠷ ᠲᠦᠭᠡᠮᠡᠯᠵᠢᠭᠦᠯᠦᠨ᠎ᠡ ᠃ ᠨᠡᠶᠢᠭᠡᠮ | ᠲᠣᠭᠤᠷᠢᠭ ᠤᠨ ᠵᠠᠷᠯᠠᠯ ᠤᠨ ᠰᠠᠮᠪᠠᠷ᠎ᠠ ᠂ ᠡᠯᠧᠺᠲᠷᠣᠨ ᠳᠡᠯᠭᠡᠴᠡ ᠶᠢ ᠪᠠᠶᠢᠩᠭᠤᠵᠢᠭᠤᠯᠤᠨ ᠰᠢᠨᠡᠳᠬᠡᠵᠦ ᠂ ᠤᠰᠤ | ᠠᠷᠪᠢᠯᠠᠬᠤ ᠤᠷᠢᠶ᠎ᠠ ᠯᠣᠽᠦ᠋ᠩ ᠤᠨ ᠲᠡᠮᠳᠡᠭ ᠢ ᠨᠠᠭᠠᠵᠤ ᠨᠡᠪᠲᠡᠷᠡᠭᠦᠯᠵᠦ ᠂ ᠣᠯᠠᠨ ᠨᠡᠶᠢᠲᠡ ᠶᠢᠨ ᠤᠰᠤ ᠠᠷᠪᠢᠯᠠᠵᠤ | ᠤᠰᠤ ᠬᠠᠮᠠᠭᠠᠯᠠᠬᠤ ᠦᠵᠡᠯ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠲᠠᠪᠤ ᠳᠤ ᠂ ᠬᠥᠳᠡᠭᠡ ᠲᠣᠰᠬᠤᠨ ᠳᠤ | ᠤᠷᠤᠪᠠ ᠃ ᠭᠠᠴᠠᠭᠠᠨ ᠤ ᠠᠷᠠᠳ ᠤᠨ ᠵᠥᠪᠯᠡᠯ ᠵᠢᠴᠢ ᠬᠤᠷᠰᠢᠶ᠎ᠠ ᠪᠠᠷ ᠳᠠᠮᠵᠢᠭᠤᠯᠤᠨ ᠲᠣᠰᠬᠤᠨ ᠤ ᠠᠷᠠᠳ ᠲᠤ | ᠲᠠᠷᠢᠶᠠᠯᠠᠩ ᠤᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨᠴᠢ ᠂ ᠥᠨᠳᠥᠷ ᠪᠦᠲᠦᠮᠵᠢᠲᠡᠶ ᠤᠰᠤ ᠬᠡᠷᠡᠭᠯᠡᠬᠦ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ | |