︽ᠤᠤᠯ ᠨᠢ ᠪᠥᠬᠦ ᠲᠣᠰᠬᠤᠨ ᠳᠤ ᠤᠰᠤ ᠪᠤᠯᠢᠶᠠᠯᠳᠤᠵᠤ ᠪᠠᠶᠢᠭᠰᠠᠨ ᠢᠶᠠᠨ ᠣᠲᠣ ︿ᠤᠰᠤᠨ ᠤ ᠬᠡᠮᠵᠢᠶᠡᠨ ᠤ | ᠬᠤᠪᠢᠶᠠᠷᠢᠯᠠᠯᠲᠠ ᠶᠢᠨ ᠬᠦᠰᠦᠨᠦᠭᠲᠦ﹀ ᠶᠢ ᠨᠡᠭᠡᠭᠡᠵᠦ ᠂ ᠬᠡᠨ ᠬᠡᠳᠦᠶ ᠤᠰᠤ ᠬᠡᠷᠡᠭᠯᠡᠬᠦ ᠂ ᠬᠡᠳᠦᠢ ᠭᠠᠵᠠᠷ ᠤᠰᠤᠯᠠᠬᠤ | ᠠᠷᠭ᠎ᠠ ᠶᠢ ᠴᠥᠮ ᠲᠣᠳᠣᠷᠬᠠᠶ ᠪᠢᠴᠢᠭᠰᠡᠨ ᠪᠠᠶᠢᠨ᠎ᠠ︕︾ ᠯᠢᠨᠰᠢ ᠪᠠᠯᠭᠠᠰᠤ ᠶᠢᠨ ᠨᠠᠨ ᠮᠧᠨ ᠸᠠᠢ ᠲᠣᠰᠬᠤᠨ ᠤ | ᠵᠥᠪᠯᠡᠯ ᠤᠨ ᠬᠤᠷᠠᠯ ᠠᠴᠠ ᠡᠮᠦᠨ᠎ᠡ ᠂ ᠲᠣᠰᠬᠤᠨ ᠤ ᠠᠷᠠᠳ ᠰᠦᠨ ᠳ᠋ᠦᠩ ᠰᠢᠩ ᠬᠡᠷᠡᠮ ᠳᠡᠭᠡᠷ᠎ᠡ ᠵᠠᠷᠯᠠᠨ | ᠨᠡᠶᠢᠲᠡᠯᠡᠭᠰᠡᠨ ︽ᠯᠢᠨᠰᠢ ᠰᠢᠶᠠᠨ ᠤ 2025 ᠣᠨ ᠤ ᠡᠯ᠎ᠡ ᠵᠠᠰᠠᠭ ᠵᠠᠬᠢᠷᠭᠠᠨ ᠤ ᠲᠣᠰᠬᠤᠨ ᠤ ᠤᠰᠤᠨ ᠤ ᠡᠬᠢ | ᠰᠤᠷᠪᠤᠯᠵᠢ ᠂ ᠠᠵᠢᠯ ᠲᠦᠷᠦᠯ ᠤᠨ ᠤᠰᠤ ᠬᠡᠷᠡᠭᠯᠡᠬᠦ ᠭᠦᠢᠴᠡᠳᠭᠡᠯ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ︾ | ᠶᠢ ᠵᠢᠭᠠᠵᠤ ᠰᠡᠳᠬᠢᠯ ᠳᠣᠭᠳᠣᠯᠤᠨ ᠶᠠᠷᠢᠨ᠎ᠠ ᠃ ᠡᠨᠡ ᠬᠦ ᠬᠦᠰᠦᠨᠦᠭᠲᠦ ᠨᠢ ᠪᠥᠬᠦ ᠰᠢᠶᠠᠨ ᠤ 9262 ᠲᠦᠮᠡᠨ | ᠪᠣᠰᠤᠭ᠎ᠠ ᠳᠥᠷᠪᠡᠯᠵᠢᠨ ᠮᠧᠲᠷ ᠤᠨ ᠤᠰᠤᠨ ᠤ ᠡᠬᠢ ᠪᠠᠶᠠᠯᠢᠭ ᠢ 11 ᠰᠢᠶᠠᠩ ᠪᠠᠯᠭᠠᠰᠤ ᠵᠡᠭᠡᠯᠢ ᠭᠤᠳᠤᠮᠵᠢ ᠶᠢᠨ | 104 ᠲᠣᠰᠬᠤᠨ ᠳᠤ ᠣᠨᠣᠪᠴᠢᠲᠠᠶ ᠬᠤᠪᠢᠶᠠᠷᠢᠯᠠᠵᠤ ᠂ ᠠᠮᠢᠳᠤᠷᠠᠯ ᠳᠤ ᠬᠡᠷᠡᠭᠯᠡᠬᠦ ᠤᠰᠤᠨ ᠠᠴᠠ ᠣᠶ ᠵᠢᠮᠢᠰ ᠤᠨ | ᠤᠰᠤᠯᠠᠯᠲᠠ ᠳᠤ ᠬᠦᠷᠲᠡᠯ᠎ᠡ ᠂ ᠳᠤᠰᠤᠯ ᠤᠰᠤ ᠨᠢᠭᠡᠪᠦᠷᠢ ᠳᠤ ᠥᠪᠡᠷ ᠤᠨ ︽ᠪᠡᠶ᠎ᠡ ᠶᠢᠨ ᠦᠨᠡᠮᠯᠡᠯ︾ ᠲᠠᠢ ᠪᠣᠯᠪᠠ ᠃ | ᠤᠰᠤᠨ ᠤ ᠬᠡᠮᠵᠢᠶ᠎ᠡ ᠶᠢ ᠬᠤᠪᠢᠶᠠᠷᠢᠯᠠᠬᠤ᠄ ᠨᠢᠭᠡ ᠳᠡᠪᠲᠡᠷ ᠲᠠᠩᠰᠠ ︽ᠲᠦᠮᠡᠨ ᠳᠤᠰᠤᠯ ᠤᠰᠤ︾ ᠶᠢ | ᠬᠠᠮᠢᠶᠠᠷᠤᠨ᠎ᠠ | ︽ᠯᠢᠨᠰᠢ ᠰᠢᠶᠠᠨ ᠤ 2025 ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠬᠦᠰᠦᠨᠦᠭᠲᠦ︾ ᠶᠢ | ᠤᠷᠪᠠᠭᠤᠯᠵᠤ ᠂ ᠰᠢᠨᠵᠢᠯᠡᠬᠦ ᠤᠬᠠᠭᠠᠨᠴᠢ ᠪᠠᠷ ᠤᠰᠤ ᠲᠣᠬᠢᠷᠠᠭᠤᠯᠬᠤ ︽ᠨᠢᠭᠤᠴᠠ ᠨᠣᠮᠧᠷ︾ ᠢ ᠲᠣᠳᠣᠷᠬᠠᠶ ᠣᠯᠵᠤ | ᠬᠠᠷᠠᠨ᠎ᠠ ᠃ ᠪᠦᠬᠦ ᠰᠢᠶᠠᠨ ᠤ ᠶᠡᠷᠦᠩᠬᠡᠶ ᠤᠰᠤᠨ ᠤ ᠬᠡᠮᠵᠢᠶ᠎ᠡ ᠶᠢ ᠭᠠᠵᠠᠷ ᠳᠣᠤᠷᠠᠬᠢ ᠤᠰᠤ ᠂ ᠭᠠᠵᠠᠷ ᠤᠨ | ᠭᠠᠳᠠᠷᠭᠤ ᠶᠢᠨ ᠤᠰᠤ ᠪᠠ ᠳᠠᠬᠢᠯᠲᠠ ᠤᠰᠤ ᠭᠡᠵᠦ ᠭᠤᠷᠪᠠᠨ ᠶᠡᠭᠡ ᠲᠥᠷᠥᠯ ᠬᠤᠪᠢᠶᠠᠵᠤ ᠂ ᠵᠠᠰᠠᠭ ᠵᠠᠬᠢᠷᠭᠠᠨ ᠤ | ᠲᠣᠰᠬᠤᠨ ᠨᠢᠭᠡᠪᠦᠷᠢ ᠳᠤ ᠣᠨᠣᠪᠴᠢᠲᠠᠶ ᠬᠤᠪᠢᠶᠠᠷᠢᠯᠠᠪᠠ ᠃ ᠯᠢᠨᠰᠢ ᠪᠠᠯᠭᠠᠰᠤ ᠶᠢᠨ ᠡᠮᠦᠨ᠎ᠡ ᠵᠡᠭᠡᠯᠢ ᠲᠣᠰᠬᠤᠨ ᠢᠶᠠᠷ | ᠵᠢᠱᠢᠶ᠎ᠡ ᠪᠣᠯᠭᠠᠵᠤ ᠂ ᠠᠮᠢᠳᠤᠷᠠᠯ ᠳᠤ ᠬᠡᠷᠡᠭᠯᠡᠬᠦ ᠤᠰᠤ ᠶᠢ 140 ᠲᠦᠮᠡᠨ ᠪᠣᠰᠤᠭ᠎ᠠ ᠳᠥᠷᠪᠡᠯᠵᠢᠨ ᠮᠧᠲᠷ | ᠬᠤᠪᠢᠶᠠᠷᠢᠯᠠᠨ ᠥᠭᠴᠦ ᠂ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ 84 ᠲᠦᠮᠡᠨ ᠪᠣᠰᠤᠭ᠎ᠠ | ᠳᠥᠷᠪᠡᠯᠵᠢᠨ ᠮᠧᠲᠷ ᠬᠤᠪᠢᠶᠠᠷᠢᠯᠠᠨ ᠥᠭᠴᠦ ᠂ ᠤᠶᠤᠨᠲᠤ ᠤᠰᠤᠨ ᠤ ᠬᠡᠮᠵᠢᠭᠦᠷ ᠨᠢ ᠬᠡᠮᠵᠢᠶ᠎ᠡ ᠠᠴᠠ ᠬᠡᠲᠦᠷᠡᠭᠰᠡᠨ | ᠠᠦ᠋ᠲ᠋ᠣ᠋ ᠰᠡᠷᠡᠮᠵᠢᠯᠡᠭᠦᠯᠦᠯ ᠢ ᠴᠠᠭ ᠲᠤᠬᠠᠶ ᠳᠤᠨᠢ ᠬᠢᠨᠠᠨ ᠡᠵᠡᠮᠳᠡᠪᠡ︔ ᠭᠤᠸᠠᠨ ᠳ᠋ᠢ ᠪᠠᠯᠭᠠᠰᠤ ᠶᠢᠨ ᠶᠠᠩ ᠵᠢᠶᠠ | ᠶᠢᠩᠽᠢ ᠲᠣᠰᠬᠤᠨ 5 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ | 122 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠤᠰᠤ ᠲᠠᠢ ᠨᠢᠭᠲᠠ ᠵᠣᠯᠭᠠᠭᠤᠯᠪᠠ︔ ᠱᠡᠭᠡᠷᠲᠦ ᠰᠢᠶᠠᠩ ᠤᠨ | ︽ᠴᠠᠭ ᠤᠨ ᠬᠡᠮᠵᠢᠭᠦᠷ ᠢᠶᠠᠷ ᠤᠰᠤ ᠠᠷᠪᠢᠯᠠᠬᠤ︾ ᠰᠢᠨ᠎ᠡ ᠵᠠᠭᠪᠤᠷ ᠨᠢ ᠲᠥᠬᠦᠭᠡᠷᠦᠮᠵᠢᠲᠦ ᠲᠠᠷᠢᠶᠠᠯᠠᠩ ᠤᠨ ᠳᠤᠯᠠᠭᠠᠨ | ᠬᠦᠯᠡᠮᠵᠢ ᠶᠢ ᠤᠰᠤ ᠪᠣᠷᠳᠣᠭᠤᠷ ᠢ ᠨᠢᠭᠡ ᠴᠤᠬᠴᠠᠵᠢᠭᠤᠯᠤᠬᠰᠠᠨ ᠤᠰᠤ ᠠᠷᠪᠢᠯᠠᠬᠤ 15% ᠶᠢᠨ ᠰᠠᠭᠤᠷᠢᠨ ᠳᠡᠭᠡᠷ᠎ᠡ | ᠳᠠᠬᠢᠨ 8 ᠵᠠᠭᠤᠨ ᠤ ᠴᠡᠭ ᠪᠠᠭᠤᠷᠠᠭᠤᠯᠪᠠ ᠁ | ᠬᠠᠤᠯᠢ ᠶᠢ ᠴᠢᠩᠭ᠎ᠠ ᠬᠡᠷᠡᠭᠵᠢᠭᠦᠯᠬᠦ᠄ ︽ᠬᠤᠳᠳᠤᠭ ᠢ ᠪᠢᠲᠡᠭᠦᠮᠵᠢᠯᠡᠨ ᠡᠬᠢ ᠰᠤᠷᠪᠤᠯᠵᠢ ᠶᠢ ᠬᠠᠮᠠᠭᠠᠯᠠᠬᠤ︾ | ᠪᠤᠳᠠᠳᠦ ᠠᠮᠵᠢᠯᠲᠠ ᠶᠢ ᠦᠵᠡᠨ᠎ᠡ | ︽ᠣᠯᠠᠨ ᠲᠦᠮᠡᠨ ᠨᠢᠭᠡ ᠯᠡ ᠣᠳᠠᠰᠳᠤᠪᠠᠯ ᠂ ᠬᠠᠤᠯᠢ ᠬᠡᠷᠡᠭᠵᠢᠭᠦᠯᠬᠦ ᠠᠩᠭᠢ ᠬᠡᠳᠦᠬᠡᠨ ᠴᠠᠭ ᠤᠨ ᠳᠣᠲᠣᠷ᠎ᠠ | ᠬᠦᠷᠦᠭᠡᠳ ᠢᠷᠡᠨ᠎ᠡ︕︾ ᠭᠡᠵᠦ ᠬᠡᠯᠡᠪᠡ ᠃ ᠨᠢᠭᠡᠨ ᠰᠢᠶᠠᠩ ᠪᠠᠯᠭᠠᠰᠤᠨ ᠤ ᠭᠠᠴᠠᠭᠠᠨ ᠤ ᠠᠷᠠᠳ ᠰᠠᠶ᠋ᠢᠬᠠᠨ | ᠪᠢᠲᠡᠭᠦᠮᠵᠢᠯᠡᠵᠦ ᠵᠣᠭᠰᠣᠭᠠᠭᠰᠠᠨ ᠮᠠᠰᠢᠨ ᠬᠤᠳᠳᠤᠭ ᠢ ᠵᠢᠭᠠᠭᠠᠳ ᠰᠡᠳᠬᠢᠯ ᠬᠥᠳᠡᠯᠦᠨ ᠬᠡᠯᠡᠪᠡ ᠃ ᠤᠰᠤᠨ | ᠠᠰᠢᠭᠯᠠᠯᠲᠠ ᠶᠢᠨ ᠲᠣᠪᠴᠢᠶ᠎ᠠ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠨᠡᠪᠲᠡᠷᠡᠭᠦᠯᠦᠭᠰᠡᠨ ᠤ ᠳᠠᠷᠠᠭ᠎ᠠ ᠂ | ᠣᠯᠠᠨ ᠲᠦᠮᠡᠨ ᠲᠣᠭᠲᠠᠭᠠᠯ ᠠᠴᠠ ᠵᠥᠷᠢᠴᠡᠨ ᠤᠰᠤ ᠲᠠᠲᠠᠭᠰᠠᠨ ᠢ ᠣᠯᠵᠤ ᠮᠡᠳᠡᠪᠡᠯ ᠵᠥᠪᠬᠡᠨ ᠤᠲᠠᠰᠤ ᠠᠪᠤᠪᠠᠯ | ᠪᠣᠯᠴᠢᠬᠠᠨ᠎ᠠ ᠂ ᠬᠠᠤᠯᠢ ᠬᠡᠷᠡᠭᠵᠢᠭᠦᠯᠬᠦ ᠠᠵᠢᠯᠲᠠᠨ 24 ᠴᠠᠭ ᠤᠨ ᠳᠣᠲᠣᠷ᠎ᠠ ᠵᠠᠪᠠᠯ ᠰᠢᠢᠳᠪᠦᠷᠢᠯᠡᠵᠦ ᠳᠠᠭᠤᠰᠬᠠᠬᠤ | ᠬᠡᠷᠡᠭᠲᠡᠢ ᠂ ᠥᠩᠭᠡᠷᠡᠭᠰᠡᠨ ᠤ ︽ᠢᠯᠡᠴᠢᠯᠡᠨ ᠮᠡᠳᠡᠭᠦᠯᠬᠦ ᠳᠤ ᠬᠦᠴᠢᠷ ᠂ ᠰᠢᠢᠳᠪᠦᠷᠢᠯᠡᠬᠦ ᠳᠤ ᠤᠳᠠᠭᠠᠨ︾ ᠪᠠᠶᠢᠬᠤ | ᠪᠠᠶᠢᠳᠠᠯ ᠢ ᠲᠦᠢᠯᠪᠤᠷᠢᠲᠠᠶ ᠬᠤᠪᠢᠷᠠᠭᠤᠯᠪᠠ ᠃ ᠭᠡᠲᠡᠯ᠎ᠡ ᠬᠤᠳᠳᠤᠭ ᠪᠢᠲᠡᠭᠦᠮᠵᠢᠯᠡᠭᠰᠡᠨ ᠠᠵᠤ ᠠᠬᠤᠶᠢᠯᠠᠯ ᠳᠤ ᠠᠪᠴᠤ | ᠬᠡᠯᠡᠪᠡᠯ ᠂ ᠦᠵᠡᠬᠦ ᠳᠤ ︽ᠡᠳ᠋ ᠤᠨ ᠵᠠᠰᠠᠭ ᠤᠨ ᠵᠠᠮ ᠢ ᠲᠠᠰᠤᠯᠤᠭᠰᠠᠨ︾ ᠴᠡᠭᠴᠡᠯᠡᠨ ᠵᠠᠰᠠᠯᠲᠠ ᠨᠢ ᠭᠡᠳᠡᠷᠭᠦ ᠪᠠᠨ | ᠬᠠᠷᠢᠨ ᠰᠢᠨ᠎ᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ ᠃ ᠵᠠᠷᠢᠮ ᠠᠵᠤ ᠠᠬᠤᠶᠢᠯᠠᠯ ᠥᠪᠡᠰᠦᠪᠡᠨ ᠪᠡᠯᠡᠳᠬᠡᠭᠰᠡᠨ | ᠬᠤᠳᠳᠤᠭ ᠢᠶᠠᠨ ᠪᠢᠲᠡᠭᠦᠮᠵᠢᠯᠡᠨ ᠬᠠᠮᠢᠶᠠᠷᠴᠤ ᠲᠣᠤᠷ ᠢᠶᠠᠨ ᠪᠠᠶᠢᠭᠤᠯᠤᠭᠰᠠᠨ ᠤ ᠳᠠᠷᠠᠭ᠎ᠠ ᠂ ᠵᠢᠯ ᠪᠦᠷᠢ ᠤᠰᠤ | ᠴᠠᠬᠢᠯᠭᠠᠨ ᠤ ᠰᠦᠢᠳᠭᠡᠯ ᠢ ᠠᠷᠪᠢᠯᠠᠭᠰᠠᠨ ᠢᠶᠠᠷ ᠪᠠᠷᠠᠬᠤ ᠥᠬᠡᠶ ᠂ ᠪᠠᠰᠠ ᠤᠰᠤ ᠪᠠᠷ ᠲᠣᠭᠲᠠᠭᠠᠯ ᠳᠤ ᠨᠡᠶᠢᠴᠡᠭᠦᠯᠦᠨ | ᠵᠠᠬ᠎ᠠ ᠳᠡᠯᠭᠡᠭᠦᠷ ᠤᠨ ᠵᠥᠪᠰᠢᠶᠡᠷᠡᠯ ᠢ ᠭᠥᠷᠳᠡᠭᠰᠡᠨ ᠪᠣᠯᠬᠤᠷ ᠲᠣᠰ ᠠᠵᠤ ᠠᠬᠤᠶᠢᠯᠠᠯ ᠤᠨ ᠵᠠᠬᠢᠷᠤᠯ᠄ ︽ᠣᠲᠣ ᠠᠮᠢ | ᠠᠬᠤᠶ ᠶᠢᠨ ᠲᠠᠩᠰᠠ ᠪᠠ ᠠᠵᠤ ᠠᠬᠤᠶ ᠶᠢᠨ ᠲᠠᠩᠰᠠ ᠶᠢ ᠲᠣᠳᠣᠷᠬᠠᠶ ᠪᠤᠳᠤᠵᠤ ᠪᠠᠶᠢᠨ᠎ᠠ ᠂ ᠡᠨᠡ ᠬᠦ ᠴᠡᠭᠴᠡᠯᠡᠨ | ᠰᠠᠶᠢᠵᠢᠷᠠᠭᠤᠯᠤᠯᠲᠠ ᠨᠢ ᠬᠢᠷᠢ ᠲᠡᠩᠴᠡᠪᠡ︕︾ ᠭᠡᠵᠦ ᠬᠡᠯᠡᠪᠡ ᠃ 2024 ᠣᠨ ᠳᠤ ᠂ ᠪᠥᠬᠦ ᠰᠢᠶᠠᠨ ᠳᠤ | ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠢ ᠨᠡᠶᠢᠲᠡ 24 ᠬᠤᠪᠢ ᠪᠠᠶᠢᠴᠠᠭᠠᠨ | ᠰᠢᠢᠳᠪᠦᠷᠢᠡᠯᠵᠦ ᠂ 24 ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ ᠂ ᠬᠠᠤᠯᠢ | ᠶᠣᠰᠣᠭᠠᠷ 49.5 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠢᠳᠭᠡᠯ ᠥᠭᠪᠡ ᠃ | ᠤᠰᠤᠨ ᠤ ᠬᠠᠤᠯᠢ ᠶᠢ ᠬᠥᠳᠡᠭᠡ ᠪᠠᠭᠤᠯᠭᠠᠬᠤ᠄ ᠲᠣᠰᠬᠤᠨ ᠤ ᠺᠠᠳ᠋ᠷ ︽ᠤᠰᠤᠨ ᠬᠠᠮᠢᠶᠠᠷᠤᠭᠴᠢ︾ ᠪᠣᠯᠪᠠ | ︽ᠲᠠᠷᠢᠶ᠎ᠠ ᠤᠰᠤᠯᠠᠬᠤ ᠳᠤ ᠤᠰᠤ ᠬᠡᠷᠡᠭᠯᠡᠬᠦ ᠳᠤ ᠳᠤᠷ᠎ᠠ ᠪᠠᠷ ᠢᠶᠠᠨ ᠪᠠᠶᠢᠵᠤ ᠪᠣᠯᠬᠤ ᠦᠭᠡᠢ ᠂ | ᠳᠤᠷ᠎ᠠ ᠪᠠᠷ ᠢᠶᠠᠨ ᠮᠠᠯᠲᠠᠬᠤ ᠬᠠᠤᠯᠢ ᠠᠴᠠ ᠵᠥᠷᠢᠴᠡᠪᠡᠯ ᠂ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠨᠠ︕︾ | ᠲᠤ ᠮᠢᠶᠣᠣ ᠽᠢ ᠲᠣᠰᠬᠤᠨ ᠤ ᠠᠷᠠᠳ ᠤᠨ ᠵᠥᠪᠯᠡᠯ ᠤᠨ ᠬᠤᠷᠠᠯ ᠤᠨ ᠭᠡᠷ ᠲᠤ ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠠᠰᠤᠭ ᠤᠨ ᠠᠵᠢᠯᠲᠠᠨ ︽ᠤᠰᠤᠨ ᠤ ᠬᠠᠤᠯᠢ︾ ᠶᠢᠨ ᠵᠢᠷᠠ ᠶᠢᠰᠦᠳᠦᠭᠡᠷ ᠵᠤᠷᠪᠤᠰ ᠢ ᠵᠢᠭᠠᠵᠤ ᠂ | ᠲᠣᠰᠬᠤᠨ ᠤ 10 ᠭᠠᠷᠤᠢ ᠺᠠᠳ᠋ᠷ ᠲᠤ ᠲᠠᠶᠢᠯᠪᠤᠷᠢᠯᠠᠨ ᠶᠠᠷᠢᠵᠤ ᠂ ︽ᠵᠥᠪᠰᠢᠶᠡᠷᠡᠯ ᠦᠭᠡᠢ ᠪᠠᠷ ᠭᠠᠵᠠᠷ ᠳᠣᠤᠷᠠᠬᠢ | ᠤᠰᠤ ᠶᠢ ᠳᠤᠷ᠎ᠠ ᠪᠠᠷ ᠢᠶᠠᠨ ᠮᠠᠯᠲᠠᠵᠤ ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︾ ᠃ ᠯᠢᠨᠰᠢ ᠰᠢᠶᠠᠨ ᠤ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠡᠯ᠎ᠡ ᠲᠣᠰᠬᠤᠨ ᠳᠤ ᠴᠥᠮ ︽ᠯᠢᠨᠰᠢ ᠰᠢᠶᠠᠨ ᠤ 2025 ᠣᠨ ᠤ ᠤᠰᠤᠨ ᠤ ᠬᠡᠮᠵᠢᠶ᠎ᠡ ᠶᠢᠨ | ᠬᠤᠪᠢᠶᠠᠷᠢᠯᠠᠯᠲᠠ ᠶᠢᠨ ᠬᠦᠰᠦᠨᠦᠭᠲᠦ︾ ᠶᠢ ᠲᠠᠷᠬᠠᠭᠠᠵᠤ ᠂ ᠲᠣᠰᠬᠤᠨ ᠤ ᠺᠠᠳ᠋ᠷ ᠠᠵᠢᠯᠲᠠᠨ ᠡᠯ᠎ᠡ ᠲᠣᠰᠬᠤᠨ ᠤ | ᠣᠨ ᠤ ᠬᠤᠪᠢᠶᠠᠷᠢ ᠠᠵᠢᠯ ᠲᠥᠷᠥᠯ ᠤᠨ ᠤᠰᠤ ᠬᠡᠷᠡᠭᠯᠡᠬᠦ ᠨᠠᠷᠢᠨ ᠲᠣᠳᠣᠷᠬᠠᠶ ᠭᠦᠢᠴᠡᠳᠬᠡᠯ ᠲᠤᠭ᠎ᠠ ᠶᠢᠨ ︽ | ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠨᠠᠷᠢᠨ ᠲᠣᠳᠣᠷᠬᠠᠢ︾ ᠶᠢ ᠳᠠᠷᠤᠮᠠᠯᠯᠠᠨ ᠲᠠᠷᠬᠠᠭᠠᠪᠠ ᠃ ᠲᠤ ᠮᠢᠶᠣᠣ | ᠽᠢ ᠲᠣᠰᠬᠤᠨ ᠤ ᠱᠦᠵᠢ ᠵᠠᠩ ᠰᠢᠶᠠᠨ ᠹᠠ ᠲᠣᠰᠬᠤᠨ ᠤ ᠠᠷᠠᠳ ᠤᠨ ᠬᠤᠷᠠᠯ ᠬᠤᠷᠠᠯᠳᠤᠭᠤᠯᠵᠤ ᠲᠣᠰᠬᠤᠨ ᠤ | ᠠᠷᠠᠳ ᠤᠨ ᠬᠤᠷᠠᠯ ᠬᠤᠷᠠᠯᠳᠤᠭᠤᠯᠵᠤ᠄ ︽ᠮᠠᠨ ᠤ ᠲᠣᠰᠬᠤᠨ ᠤ ᠵᠢᠯ ᠪᠦᠷᠢ ᠶᠢᠨ ᠤᠰᠤᠯᠠᠯᠲᠠ ᠶᠢᠨ ᠤᠰᠤᠨ ᠤ | ᠭᠦᠢᠴᠡᠳᠬᠡᠯ ᠲᠤᠭ᠎ᠠ 84 ᠲᠦᠮᠡᠨ ᠪᠣᠰᠤᠭ᠎ᠠ ᠳᠥᠷᠪᠡᠯᠵᠢᠨ ᠮᠧᠲᠷ︾ ᠭᠡᠪᠡ ᠃ ᠲᠣᠰᠬᠤᠨ ᠤ ᠠᠷᠠᠳ ᠲᠢᠶᠠᠨ | ᠵᠦᠩ ᠱᠧᠩ ᠬᠡᠯᠡᠬᠦ ᠳᠡᠭᠡᠨ᠄ ︽ᠣᠳᠣ ᠲᠠᠷᠢᠶ᠎ᠠ ᠤᠰᠤᠯᠠᠬᠤ ᠳᠤ ᠤᠷᠢᠳ ᠢᠶᠠᠷ ︽ᠤᠰᠤᠨ ᠤ ᠬᠠᠤᠯᠢ︾ ᠶᠢ | ᠦᠵᠡᠬᠦ ᠨᠢ ᠶᠠᠭ ᠲᠡᠷᠭᠡ ᠵᠢᠯᠣᠭᠤᠳᠬᠤ ᠲᠠᠢ ᠠᠳᠠᠯᠢ ᠪᠠᠷ ᠤᠷᠢᠳ ᠢᠶᠠᠷ ᠤᠯᠠᠭᠠᠨ ᠨᠣᠭᠤᠭᠠᠨ ᠳ᠋ᠧᠩ ᠢ ᠦᠵᠡᠵᠦ | ᠪᠠᠶᠢᠬᠤ ᠠᠳᠠᠯᠢ︾ ᠭᠡᠪᠡ ᠃ | ᠨᠠᠷᠢᠯᠢᠭ ᠤᠰᠤᠯᠠᠬᠤ᠄ ᠪᠣᠬᠢᠷᠳᠤᠯ ᠦᠭᠡᠢ ᠤᠰᠤᠨ ᠠᠴᠠ ︽ᠠᠯᠲᠠᠨ ᠠᠶᠠᠭ᠎ᠠ︾ ᠤᠷᠤᠰᠤᠨ᠎ᠠ | ᠨᠠᠷᠢᠨ ᠨᠢᠭᠲᠠ ᠪᠤᠳᠤᠭᠰᠠᠨ ᠤᠰᠤ ᠠᠷᠪᠢᠯᠠᠬᠤ ᠲᠠᠩᠰᠠ ᠶᠢ ᠣᠲᠣ ᠶᠠᠭ ᠨᠢᠳᠦᠨ ᠳᠤ ᠦᠵᠡᠭᠳᠡᠮ᠎ᠡ ᠠᠮᠢ | ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠵᠤ ᠪᠠᠶᠢᠨ᠎ᠠ ᠃ 2018 ᠣᠨ ᠠᠴᠠ ᠨᠠᠭᠠᠰᠢ ᠂ ᠰᠢᠨ ᠴᠧᠩ ᠽᠢ | ᠪᠠᠯᠭᠠᠰᠤᠨ ᠤ ᠳ᠋ᠠ ᠶᠢᠨ ᠭᠸᠦ ᠲᠣᠰᠬᠤᠨ ᠣᠯᠠᠨ ᠠᠴᠠ ᠬᠡᠲᠦ᠋ᠢᠳᠦᠭᠰᠡᠨ ᠭᠠᠵᠠᠷ ᠵᠦᠶ ᠶᠢᠨ ᠨᠥᠬᠦᠴᠡᠯ ᠳᠤ | ᠲᠦᠰᠢᠭᠯᠡᠨ ᠂ ︽ᠨᠠᠮ ᠤᠨ ᠡᠭᠦᠷ ᠠᠴᠠ ᠳᠠᠭᠠᠭᠤᠯᠬᠤ + ᠬᠤᠷᠰᠢᠶᠠᠵᠢᠯ ᠤᠨ ᠠᠵᠢᠯᠯᠠᠭ᠎ᠠ + ᠲᠠᠷᠠᠬᠠᠢ ᠪᠤᠲᠠᠷᠬᠠᠢ | ᠡᠷᠦᠬᠡ ᠳᠤ ᠳᠠᠷᠢᠬᠤ︾ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠰᠢᠨ᠎ᠡ ᠶᠢ ᠡᠭᠦᠳᠦᠨ | ᠬᠡᠷᠡᠭᠵᠢᠭᠦᠯᠵᠦ ᠂ ᠲᠠᠷᠢᠬᠤ ᠂ ᠦᠢᠯᠡᠳᠪᠦᠷᠢᠯᠡᠬᠦ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠠᠩᠭᠠᠯᠭ᠎ᠠ ᠶᠢᠨ | ᠬᠡᠯᠬᠢᠶ᠎ᠡ ᠶᠢ ᠢᠵᠢ ᠪᠦᠷᠢᠳᠦᠭᠦᠯᠦᠨ ᠪᠠᠶᠢᠭᠤᠯᠵᠤ ᠂ ᠣᠶ ᠶᠢᠨ ᠬᠤᠷᠮᠣᠶ ᠶᠢᠨ ᠠᠵᠤ ᠠᠬᠤᠶ ᠬᠢᠭᠡᠳ ︽ᠵᠢᠮᠢᠰ ᠪᠠ | ᠡᠮ ᠢ ᠠᠯᠠᠭᠯᠠᠨ ᠳᠠᠷᠢᠬᠤ︾ ᠬᠠᠮ ᠠᠵᠤ ᠦᠢᠯᠡᠰ ᠤᠨ ᠰᠢᠰᠲ᠋ᠧᠮ ᠢ ᠠᠮᠵᠢᠯᠲᠠ ᠲᠠᠢ ᠪᠠᠶᠢᠭᠤᠯᠪᠠ ᠃ ᠣᠳᠣᠬᠠᠨ ᠳᠤ ᠂ | ᠪᠦᠬᠦ ᠲᠣᠰᠬᠤᠨ ᠳᠤ ᠨᠢᠭᠡᠨᠲᠡ 2200 ᠭᠠᠷᠤᠢ ᠮᠦ ᠮᠧᠩ ᠶᠧ ᠵᠢᠮᠢᠰ ᠲᠠᠷᠢᠵᠤ ᠂ ᠠᠭᠴᠢᠭᠠᠬᠠᠢ ᠶᠢᠨ ᠬᠠᠯᠢᠰᠦ ᠂ | ᠴᠢᠨ᠋ᠸ᠎ᠠ ᠶᠢᠨ ᠬᠠᠯᠳᠠᠷ ᠂ ᠤᠯᠠᠭᠠᠨ ᠴᠠᠨ᠎ᠠ ᠂ ᠰᠠᠯᠬᠢ ᠰᠡᠷᠭᠡᠶᠢᠯᠡᠬᠦ ᠵᠡᠷᠭᠡ ᠵᠢᠩᠬᠢᠨᠢ ᠡᠮ ᠤᠨ ᠮᠠᠲ᠋ᠧᠷᠢᠶᠠᠯ ᠲᠠᠷᠢᠬᠤ ᠶᠢ | ᠵᠡᠷᠭᠡᠪᠡᠷ ᠬᠥᠭᠵᠢᠭᠦᠯᠵᠦ ᠂ ᠵᠢᠯ ᠳᠤ 11 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ | ᠪᠡᠶᠡᠯᠡᠭᠦᠯᠬᠦ ᠶᠢᠨ ᠬᠠᠮᠲᠤ ᠂ ᠡᠷᠦᠬᠡ ᠶᠢ ᠳᠠᠶᠢᠴᠢᠯᠠᠨ ᠵᠢᠯ ᠤᠨ ᠣᠷᠣᠯᠭ᠎ᠠ ᠶᠢ 1.5 ᠲᠦᠮᠡ ᠭᠠᠷᠤᠢ ᠲᠥᠭᠦᠷᠢᠭ | ᠨᠡᠮᠡᠭᠳᠡᠭᠦᠯᠪᠡ ᠃ ᠳᠠᠪᠬᠤᠷᠳᠠᠭᠰᠠᠨ ᠱᠠᠲᠤᠨ ᠲᠠᠷᠢᠶᠠᠨ ᠤ ᠥᠨᠳᠥᠷ ᠭᠠᠵᠠᠷ ᠲᠤ ᠵᠣᠭᠰᠣᠬᠤ ᠳᠤ ᠂ ᠲᠣᠰᠬᠤᠨ ᠤ | ᠱᠦᠵᠢ ᠸᠠᠩ ᠶᠢᠨ ᠲᠠᠩ ᠳᠤᠰᠤᠯᠭᠠᠨ ᠤᠰᠤᠯᠠᠬᠤ ᠬᠤᠭᠤᠯᠠᠶ ᠶᠢ ᠲᠡᠮᠲᠡᠷᠢᠵᠦ᠄ ︽ᠡᠭᠦᠨ ᠢ ᠤᠰᠤᠨ ᠬᠤᠭᠤᠯᠠᠢ | ᠭᠡᠵᠦ ᠬᠡᠯᠡᠬᠦ ᠦᠦ ᠳ᠋ᠠ︖ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠠᠯᠳᠠᠨ ᠲᠦᠯᠬᠢᠭᠦᠷ ᠪᠣᠯᠬᠤ | ᠨᠢ ᠢᠯᠡᠬᠡᠨ ᠪᠠᠶᠢᠨ᠎ᠠ︕︾ ᠭᠡᠵᠦ ᠬᠡᠯᠡᠪᠡ ᠃ | ︽ᠤᠰᠤ ᠶᠢ ᠪᠤᠯᠢᠶᠠᠯᠳᠤᠨ ᠡᠶ᠎ᠡ ᠶᠢ ᠬᠤᠬᠢᠷᠠᠭᠤᠯᠬᠤ︾ ᠠᠴᠠ ︽ᠬᠤᠭᠤᠯᠠᠢ ᠤᠰᠤ ᠶᠢ ᠢᠳᠡ ᠬᠦᠴᠦᠨ ᠲᠠᠢ | ᠪᠣᠯᠭᠠᠬᠤ︾ ᠬᠦᠷᠲᠡᠯ᠎ᠡ ᠂ ᠯᠢᠨᠰᠢ ᠰᠢᠶᠠᠨ ᠨᠢᠭᠡ ᠪᠦᠯᠦᠭ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠬᠦᠰᠦᠨᠦᠭᠲᠦ | ᠬᠡᠷᠡᠭᠯᠡᠵᠦ ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠲᠣᠮᠣ ᠶᠠᠪᠤᠳᠠᠯ ᠢ ᠠᠮᠢᠳᠤᠯᠢᠭ ᠪᠢᠴᠢᠵᠡᠶ ᠃ | ᠣᠳᠣᠬᠠᠨ ᠳᠤ ᠂ ᠤᠶᠤᠨᠴᠢ ᠤᠰᠤᠨ ᠤ ᠬᠦᠰᠦᠨᠦᠭ ᠲᠠᠷᠢᠶᠠᠨ ᠳᠤᠮᠳᠠ ᠭᠢᠯᠠᠯᠵᠠᠭᠰᠠᠨ ᠮᠦᠩᠬᠦᠨ ᠭᠡᠷᠡᠯ ᠲᠠᠢ ᠂ | ᠤᠰᠤᠨ ᠲᠦᠪᠰᠢᠨ ᠢ ᠬᠢᠨᠠᠨ ᠬᠡᠮᠵᠢᠬᠦ ᠰᠢᠰᠲ᠋ᠧᠮ ᠦᠷᠭᠦᠯᠵᠢᠯᠡᠨ ᠬᠤᠪᠢᠷᠠᠯᠲᠠ ᠭᠠᠷᠴᠤ ᠂ ᠪᠠᠰᠠ ᠲᠣᠰᠬᠤᠨ ᠤ | ᠠᠷᠠᠳ ᠤᠨ ᠵᠣᠭᠤᠰᠤᠨ ᠤ ᠪᠣᠭᠴᠣᠨ ᠳᠤ ᠢᠯᠡᠭᠦᠦ ᠠᠰᠢᠭ ᠣᠷᠣᠯᠭ᠎ᠠ ᠣᠯᠵᠤ ᠂ ᠰᠠᠶᠢᠨ ᠠᠮᠢ ᠠᠬᠤᠢ ᠪᠣᠯ ᠰᠠᠶ᠋ᠢ | ᠠᠷᠠᠳ ᠤᠯᠠᠨ ᠤ ᠬᠠᠮᠤᠭ ᠤᠨ ᠪᠣᠳᠠᠲᠠᠢ ᠬᠦᠷᠲᠡᠮᠵᠢ ᠶᠢᠨ ᠲᠥᠷᠥᠭᠳᠡᠯ ᠮᠥᠨ ᠭᠡᠳᠡᠭ ᠢ ᠬᠠᠮᠲᠤ ᠪᠠᠷ ᠲᠣᠭᠠᠴᠢᠨ | ᠶᠠᠷᠢᠨ᠎ᠠ ᠃ | |