ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/5/23
  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ  5 ᠰᠠᠷ᠎ᠠ ᠶᠢᠨ 22 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠤᠲᠠᠰᠤ ᠪᠠᠷ ᠶᠠᠷᠢᠯᠴᠠᠪᠠ ᠃  ᠰᠢ ᠶᠢᠨ ᠫᠢᠩ ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠂ ᠬᠠᠷᠢᠯᠴᠠᠨ ᠣᠶᠢᠯᠠᠭᠠᠯᠴᠠᠬᠤ ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠪᠠ ᠃ ᠲᠡᠭᠦᠨ ᠠᠴᠠ ᠰᠡᠭᠦᠯᠡᠷ ᠂ ᠳᠤᠮᠳᠠᠳᠤ ᠹᠷᠠᠨᠼᠢ ᠶᠢᠨ ᠬᠠᠮᠲᠤᠷᠠᠯᠴᠠᠭ᠎ᠠ ᠪᠠᠰᠠ ᠮᠠᠰᠢ ᠤᠯᠠᠨ ᠰᠢᠨ᠎ᠡ ᠠᠬᠢᠴᠠ ᠲᠠᠢ ᠪᠣᠯᠪᠠ ᠃   ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠶ᠎ᠠ ᠃ ᠠᠵᠠ ᠲᠣᠭᠢᠶᠠᠯ ᠢ ᠠᠮᠵᠢᠵᠤ ᠂ ᠪᠡᠯᠡ ᠣᠷᠣᠭᠤᠯᠤᠯᠲᠠ ᠂ ᠰᠠᠨᠰᠠᠷ ᠤᠨ ᠠᠶᠠᠯᠠᠯ ᠠᠭᠠᠷ ᠤᠨ ᠠᠶᠠᠯᠠᠯ ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠲᠣᠭᠠᠴᠢᠯᠠᠯᠳᠠ ᠂ ᠪᠣᠬᠢᠷᠳᠤᠯ ᠦᠭᠡᠢ ᠂ ᠠᠮᠢᠳᠤ ᠪᠣᠳᠠᠰ ᠤᠨ ᠡᠮ ᠡᠮᠨᠡᠯᠭᠡ ᠂ ᠪᠤᠭᠤᠷᠤᠯᠴᠤᠳ ᠤᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ ᠂ ᠠᠷᠠᠳ ᠲᠦᠮᠡᠨ ᠤ ᠨᠥᠬᠦᠷᠯᠡᠯ ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ ᠃ ᠳᠤᠮᠳᠠᠳᠤ ᠹᠷᠠᠨᠼᠢ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠮᠣ ᠤᠯᠤᠰ ᠮᠥᠨ ᠂ ᠳᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠤᠨ ᠡᠭᠦᠰᠬᠡᠨ ᠪᠠᠶᠢᠭᠤᠯᠤᠭᠴᠢ ᠂ ᠪᠦᠲᠦᠭᠡᠨ ᠪᠠᠶᠢᠭᠤᠯᠤᠭᠴᠢ ᠮᠥᠨ ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠲᠤ ᠪᠠᠷ ᠬᠠᠮᠠᠭᠠᠯᠠᠵᠤ ᠂ ᠤᠯᠠᠨ ᠤᠯᠤᠰ ᠤᠨ ᠠᠷᠠᠯᠵᠢᠶᠠᠨ ᠤ ᠳᠦᠷᠢᠮ ᠪᠠ ᠳᠡᠯᠡᠬᠡᠢ ᠶᠢᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ ᠃ ᠳᠡᠯᠡᠬᠡᠢ ᠶᠢᠨ ᠪᠠᠶᠢᠳᠠᠯ ᠬᠡᠳᠦᠢ ᠪᠤᠳᠤᠯᠢᠶᠠᠨᠲᠠᠢ ᠪᠤᠯᠬᠤ ᠳᠤᠳᠤᠮ ᠂ ᠳᠤᠮᠳᠠᠳᠤ ᠹᠷᠠᠨᠼᠢ ᠲᠡᠳᠦᠢ ᠵᠥᠪ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ ᠂ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠨᠠᠶᠢᠳᠠᠪᠤᠷᠢᠲᠠᠢ ᠬᠦᠴᠦᠨ ᠂ ᠪᠦᠭᠦ ᠪᠥᠮᠪᠥᠷᠴᠡᠭ ᠤᠨ ᠨᠡᠮᠡᠭᠳᠡᠯ ᠢ ᠠᠬᠢᠭᠤᠯᠬᠤ ᠨᠡᠭᠡᠭᠡᠯᠲᠡᠲᠤ ᠬᠦᠴᠦᠨ ᠂ ᠤᠯᠠᠨ ᠲᠠᠯᠠᠲᠤ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠳᠠᠪᠰᠢᠩᠭᠤᠢ ᠬᠦᠴᠦᠨ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃  ᠰᠢ ᠶᠢᠨ ᠫᠢᠩ ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠢ ᠤᠯᠠᠨ ᠲᠤᠶᠢᠯᠲᠤ ᠳᠡᠯᠡᠬᠡᠢ ᠶᠢᠨ ᠲᠤᠰᠠᠭᠠᠷ ᠨᠢᠭᠡ ᠲᠤᠶᠢᠯ ᠢᠶᠠᠷ ᠦᠵᠡᠵᠦ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ ᠂ ᠤᠯᠠᠠ ᠤᠯᠤᠰ ᠤᠨ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠵᠦ ᠂ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠭᠠᠷ ᠬᠤᠯᠪᠣᠯᠴᠠᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ ᠂ ᠬᠤᠶᠠᠷ ᠲᠠᠯ᠎ᠠ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ ᠳᠤ ᠠᠰᠢᠭᠲᠠᠢ ᠦᠷ᠎ᠡ ᠪᠦᠲᠦᠭᠡᠯ ᠢ ᠨᠡᠩ ᠤᠯᠠᠠ ᠣᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ ᠃  ᠮᠠᠶᠢᠺᠷᠤᠨ ᠂ ᠹᠷᠠᠨᠼᠢ ᠳᠤᠮᠳᠠᠳᠤ ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠤᠶᠢᠯ ᠤᠨ ᠴᠢᠬᠤᠯᠠ ᠪᠠᠶᠢᠵᠤ ᠂ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠹᠷᠠᠨᠼᠢ ᠶᠢᠨ  ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ ᠦᠭᠡᠢ ᠶᠤᠮ ᠃ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ ᠂ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ ᠂ ᠬᠠᠯᠠᠮᠰᠢᠯ ᠠᠰᠠᠭᠤᠳᠠᠯ ᠤᠨ ᠳᠡᠰ ᠳᠡᠪᠰᠢᠨ ᠥᠷᠭᠡᠵᠢᠬᠦ ᠶᠢ ᠰᠡᠷᠭᠡᠶᠢᠯᠡᠵᠦ ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠃ ᠡᠸᠦ᠋ᠷᠦᠫᠡ ᠳᠤᠮᠳᠠᠳᠤ ᠤᠯᠠᠮ ᠨᠢᠭᠡ ᠠᠯᠬᠤᠮ ᠣᠯᠣᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠪᠠᠯ ᠵᠣᠬᠢᠨ᠎ᠠ ᠭᠡᠵᠦ ᠢᠯᠡᠳᠬᠡᠪᠡ ᠃  ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠂ ᠢᠷᠠᠨ ᠤ ᠴᠥᠮ᠎ᠡ ᠶᠢᠨ ᠠᠰᠠᠭᠤᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号