ᠪᠠᠶᠠᠷ ᠤᠨ ᠮᠡᠳᠡᠭᠡ︕ ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ︽ᠪᠦᠬᠦ ᠤᠯᠤᠰ ᠤᠨ ᠪᠣᠯᠪᠠᠰᠤᠨ ᠨᠢᠭᠡᠴᠢ︾ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2025/5/26
  5 ᠳ᠋ᠤᠭᠠᠷ ᠰᠠᠷ᠎ᠠ ᠶᠢᠨ 23 ᠤ ᠡᠳᠦᠷ ᠂ ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ︽ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠂ ᠪᠣᠯᠪᠠᠰᠤᠨ ᠲᠣᠰᠬᠤᠨ ᠪᠠᠯᠭᠠᠰᠤ ᠂ ᠪᠣᠯᠪᠠᠰᠤᠨ ᠨᠢᠭᠡᠴᠢ ᠪᠣᠯᠤᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠭᠡᠷ ᠪᠦᠯᠢ ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠮᠠᠭᠠᠳᠯᠠᠨ ᠲᠣᠭᠲᠠᠭᠠᠬᠤ ᠲᠤᠬᠠᠢ ᠲᠣᠭᠲᠠᠭᠠᠯ︾ ᠢ ᠨᠡᠶᠢᠲᠡᠯᠡᠪᠡ ᠃ ᠡᠭᠦᠨ ᠳᠤ ᠂ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ︽ᠪᠥᠬᠦ ᠤᠯᠤᠰ ᠤᠨ ᠪᠣᠯᠪᠠᠰᠤᠨ ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ ᠂ ᠡᠨᠡ ᠪᠣᠯ ᠲᠣᠰ ᠨᠢᠭᠡᠴᠢ ︽ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠣᠯᠪᠠᠰᠤᠨ ᠨᠢᠭᠡᠴᠢ︾ ᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ︾ ᠪᠠᠷ ᠦᠨᠡᠯᠡᠭᠳᠡᠭᠰᠡᠨ ᠤ ᠳᠠᠷᠠᠭ᠎ᠠ ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠤ ᠣᠯᠤᠭᠰᠠᠨ ᠪᠠᠰᠠ ᠨᠢᠭᠡᠨ ᠢᠷᠠᠭᠤ ᠠᠯᠳᠠᠷ ᠪᠣᠯᠤᠨ᠎ᠠ ᠃  ᠤᠢᠢᠷ᠎ᠠ ᠶᠢᠨ ᠵᠢᠯ ᠠᠴᠠ ᠂ ᠬᠠᠳᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠦᠨᠡᠨ ᠬᠦ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠣᠷᠣᠨ ᠪᠦᠰᠡ ᠶᠢᠨ ᠬᠥᠭᠵᠢᠯᠲᠡ ᠳᠤ ᠦᠢᠯᠡᠴᠢᠯᠡᠬᠦ ᠪᠠ ᠪᠣᠯᠪᠠᠰᠤᠨ ᠬᠡᠪ ᠰᠤᠷᠲᠠᠯ ᠢ ᠪᠠᠳᠠᠷᠠᠭᠤᠯᠬᠤ ᠴᠢᠬᠤᠯᠠ ᠭᠠᠷᠳᠠᠴᠠ ᠪᠣᠯᠭᠠᠵᠤ ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ︽ᠨᠠᠮ ᠤᠨ ᠪᠠᠶᠢᠭᠤᠯᠤᠯᠲᠠ ᠨᠢ ᠡᠭᠦᠳᠦᠨ ᠪᠠᠶᠢᠭᠤᠯᠬᠤ ᠶᠢ ᠳᠠᠶᠢᠴᠢᠯᠠᠬᠤ ᠂ ᠡᠭᠦᠳᠦᠨ ᠪᠠᠶᠢᠭᠤᠯᠬᠤ ᠨᠢ ᠨᠠᠮ ᠤᠨ ᠪᠠᠶᠢᠭᠤᠯᠤᠯᠲᠠ ᠶᠢ ᠠᠬᠢᠭᠤᠯᠬᠤ︾ ᠠᠵᠢᠯ ᠤᠨ ᠰᠡᠳᠬᠢᠮᠵᠢ ᠶᠣᠰᠣᠭᠠᠷ ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ ᠂ ᠪᠠᠷᠢᠮᠵᠢᠶ᠎ᠠ ᠲᠠᠢ ᠬᠠᠷᠢᠴᠠᠭᠤᠯᠤᠨ ᠡᠭᠦᠳᠦᠨ ᠪᠠᠶᠢᠭᠤᠯᠬᠤ ᠶᠢ ᠠᠳᠬᠤᠬᠤ ᠂ ᠪᠥᠬᠦ ᠠᠵᠢᠯᠲᠠᠳ ᠣᠷᠣᠯᠴᠠᠨ ᠡᠭᠦᠳᠦᠨ ᠪᠠᠶᠢᠭᠤᠯᠬᠤ ᠶᠢ ᠠᠳᠬᠤᠬᠤ ᠂ ᠣᠷᠳᠣ ᠬᠤᠭᠤᠴᠠᠭ᠎ᠠ ᠪᠠᠷ ᠪᠠᠷᠢᠮᠲᠠᠯᠠᠨ ᠡᠭᠦᠳᠦᠨ ᠪᠠᠶᠢᠭᠤᠯᠬᠤ ᠶᠢ ᠠᠳᠬᠤᠬᠤ ᠂ ᠡᠳᠦᠷ ᠲᠤᠲᠤᠮ ᠤᠨ ᠡᠭᠦᠳᠦᠨ ᠪᠠᠶᠢᠭᠤᠯᠬᠤ ᠶᠢ ᠠᠳᠬᠤᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠪᠡ ᠃ ᠪᠣᠯᠪᠠᠰᠤᠨ ᠢ ᠬᠥᠮᠦᠵᠢᠭᠦᠯᠬᠦ ᠂ ᠪᠣᠯᠪᠠᠰᠤᠨ ᠢ ᠦᠢᠯᠡᠳᠦᠯᠭᠡᠵᠢᠭᠦᠯᠬᠦ ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠡᠪᠲᠡᠷᠡᠯᠴᠡᠭᠦᠯᠦᠨ ᠠᠬᠢᠭᠤᠯᠵᠤ ᠂ ︽ᠪᠢᠳᠡᠨ ᠤ ᠪᠠᠶᠠᠷ ᠤᠨ ᠡᠳᠦᠷ︾ ᠲᠠᠢ ᠤᠶᠠᠯᠳᠤᠭᠤᠯᠤᠨ ︽ᠠᠭᠤᠯᠠ ᠤᠰᠤ ᠭᠤᠤᠯ ᠮᠥᠷᠡᠨ ᠢ ᠬᠠᠯᠠᠮᠵᠢᠯᠠᠨ ᠡᠬᠡ ᠭᠤᠤᠯ ᠢᠶᠠᠨ ᠬᠠᠮᠠᠭᠠᠯᠠᠬᠤ︾ ᠂ ᠯᠸᠢ ᠹᠧᠩ ᠠᠴᠠ ᠰᠤᠷᠤᠯᠴᠠᠬᠤ ᠤᠰᠤᠨ ᠠᠰᠢᠭᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ ᠂ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠤᠮᠠᠷᠠᠲᠤ ᠬᠢᠯᠢ ᠶᠢ ᠭᠡᠷᠡᠯᠳᠦᠬᠦᠯᠵᠦ ᠂ ᠬᠠᠲᠤᠨ ᠭᠤᠤᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ ᠪᠣᠯᠪᠠᠰᠤᠨ ᠢ ᠡᠭᠦᠳᠦᠨ ᠪᠠᠶᠢᠭᠤᠯᠬᠤ ᠤᠶᠤᠨ ᠤ ᠳᠣᠲᠣᠭᠠᠳᠤ ᠶᠢᠨ ᠲᠥᠪ ᠪᠠ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ ᠂ ︽ᠬᠠᠲᠤᠨ ᠭᠤᠤᠯ ᠤᠨ ᠰᠣᠶᠣᠯ + ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ︾ ᠢ ᠨᠢᠭᠡ ᠴᠤᠭᠴᠠᠵᠢᠭᠤᠯᠬᠤ ᠲᠣᠭᠲᠠᠴᠠ ᠶᠢ ᠪᠠᠶᠢᠭᠤᠯᠵᠤ ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠂ ᠤᠰᠤᠨ ᠤ ᠪᠠᠶᠢᠳᠠᠯ ᠤᠨ ᠬᠥᠮᠦᠵᠢᠯ ᠂ ᠰᠣᠶᠣᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠤᠨ ᠰᠤᠷᠤᠯᠴᠠᠬᠤ ᠦᠢᠯᠡᠳᠦᠯᠭᠡ ᠶᠢ ᠥᠷᠭᠡᠨ ᠢᠶᠠᠷ ᠥᠷᠨᠢᠭᠦᠯᠵᠦ ᠂ ᠢᠯᠠᠩᠭᠤᠶ᠎ᠠ ᠨᠡᠶᠢᠭᠡᠮ ᠨᠡᠶᠢᠲᠡ ᠂ ᠰᠤᠷᠭᠠᠭᠤᠯᠢ ᠳᠤ ᠪᠠᠶᠢᠭ᠎ᠠ ᠰᠤᠷᠤᠭᠴᠢ ᠂ ᠪᠠᠶᠢᠭᠤᠯᠭ᠎ᠠ ᠶᠢᠨ ᠺᠠᠳ᠋ᠷ ᠵᠡᠷᠭᠡ ᠳᠤ ᠬᠠᠨᠳᠤᠭᠤᠯᠤᠨ ᠰᠤᠳᠤᠯᠤᠨ ᠰᠤᠷᠤᠯᠴᠠᠬᠤ ᠂ ᠬᠢᠴᠢᠶᠡᠯ ᠣᠷᠣᠬᠤ ᠂ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠣᠰᠣ ᠵᠦᠢ ᠂ ᠶᠣᠰᠣ ᠪᠠ ᠭᠦᠨ ᠶᠣᠰᠣ ᠶᠢ ᠬᠦᠴᠦᠯᠡᠨ ᠰᠠᠶᠢᠲᠤᠷ ᠤᠬᠠᠭᠤᠯᠤᠨ ᠲᠠᠶᠢᠯᠪᠤᠷᠢᠯᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠰᠣᠶᠣᠯ ᠤᠨ ᠤᠨᠴᠠᠯᠢᠭᠳᠤ ᠨᠠᠷᠠᠲᠤ ᠲᠥᠷᠥᠯ ᠲᠡᠮᠳᠡᠭᠲᠦ ᠪᠠ ᠨᠡᠶᠢᠭᠡᠮ ᠨᠡᠶᠢᠲᠡ ᠶᠢᠨ ᠤᠰᠤᠨ ᠳᠤ ᠣᠶᠢᠷᠠᠳᠴᠤ ᠂ ᠬᠠᠲᠤᠨ ᠭᠤᠣᠯ ᠢ ᠵᠠᠰᠠᠬᠤ ᠴᠣᠩᠬᠤ ᠶᠢ ᠣᠶᠢᠯᠠᠭᠠᠬᠤ ᠪᠣᠯᠭᠠᠨ᠎ᠠ ᠃  ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠰᠢᠨ᠎ᠡ ᠴᠠᠭ ᠦᠶ᠎ᠡ ᠰᠢᠨ᠎ᠡ ᠰᠣᠶᠣᠯ ᠤᠨ ᠡᠭᠦᠷᠭᠡ ᠶᠢ ᠢᠳᠡᠪᠬᠢᠲᠡᠢ ᠡᠭᠦᠷᠭᠡᠯᠡᠵᠦ ᠂ ᠪᠣᠯᠪᠠᠰᠤᠨ ᠨᠢᠭᠡᠴᠢ ᠶᠢᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ ᠂ ᠲᠤᠬᠠᠶᠢᠯᠠᠭᠰᠠᠨ ᠠᠵᠢᠯ ᠪᠣᠯᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ ᠂ ᠠᠵᠢᠯ ᠲᠦᠷᠦᠯ ᠤᠨ ᠰᠢᠨ᠎ᠡ ᠰᠤᠷᠲᠠᠯ ᠢ ᠴᠢᠨᠠᠭᠰᠢᠳᠠ ᠪᠤᠢ ᠪᠣᠯᠭᠠᠵᠤ ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠵᠦ ᠂ ᠰᠠᠶᠢᠨ ᠰᠠᠶᠢᠬᠠᠨ ᠲᠦᠷᠢ ᠲᠥᠷᠬᠦ ᠶᠢ ᠱᠤᠭᠤᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳᠤ ᠳᠠᠪᠰᠢᠬᠤ︾ ᠠᠵᠢᠯ ᠤᠨ ᠶᠡᠭᠡ ᠲᠠᠯ᠎ᠠ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ ᠂ ᠬᠦᠴᠦᠨ ᠴᠢᠳᠠᠯ ᠢ ᠨᠢᠭᠲᠠᠷᠠᠭᠤᠯᠬᠤ ᠪᠠᠷ ᠴᠢᠷᠮᠠᠶᠢᠬᠤ ᠬᠡᠷᠡᠭᠲᠡᠢ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号