ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠢ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/5/27
  5 ᠳ᠋ᠤᠭᠠᠷ ᠰᠠᠷ᠎ᠠ ᠶᠢᠨ 26 ᠤ ᠡᠳᠦᠷ ᠂ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠬᠤᠷᠠᠯ ᠳᠡᠭᠡᠷ᠎ᠡ ᠂ ᠭᠤᠸᠠᠩ ᠮᠢᠩ ᠡᠳᠦᠷ ᠤᠨ ᠰᠣᠨᠢᠨ ᠤ ᠬᠤᠷᠢᠶ᠎ᠠ ᠂ ᠠᠵᠤ ᠠᠬᠤᠶ ᠶᠢᠨ ᠡᠳᠦᠷ ᠤᠨ ᠰᠣᠨᠢᠨ ᠤ ᠬᠤᠷᠢᠶ᠎ᠠ ᠬᠠᠮᠲᠤᠷᠠᠨ ︽2025 · ᠪᠥᠬᠦ ᠤᠯᠤᠰ ᠤᠨ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠂ ︽2025 · ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠨᠡᠷᠡᠰ ᠢ ᠨᠡᠶᠢᠲᠡᠯᠡᠪᠡ ᠃ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽2025 · ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ 30 ᠬᠦᠴᠦᠷᠬᠡᠭ︾ ᠲᠤ ᠰᠣᠩᠭᠤᠭᠳᠠᠪᠠ ᠃  ︽ᠪᠦᠬᠦ ᠤᠯᠤᠰ ᠤᠨ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠂ ︽ᠪᠦᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠪᠣᠯ ᠮᠠᠨ ᠤ ᠤᠯᠤᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠪᠣᠯᠤᠨ ᠰᠣᠶᠣᠯ ᠤᠨ ᠠᠵᠤ ᠠᠬᠤᠶᠢᠯᠠᠯ ᠤᠨ ᠬᠡᠪᠴᠢᠶᠡᠲᠦ ᠪᠣᠳᠠᠲᠤ ᠬᠦᠴᠦᠨ ᠢ ᠲᠤᠰᠬᠠᠬᠤ ᠴᠢᠬᠤᠯᠠ ᠲᠦᠷᠦᠯ ᠲᠡᠮᠳᠡᠭ ᠪᠣᠯᠤᠨ᠎ᠠ ᠃ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠲᠣᠰ ᠤᠳᠠᠭ᠎ᠠ ︽ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠲᠤ ᠰᠣᠩᠭᠤᠭᠳᠠᠵᠤ ᠂ ᠲᠣᠰ ᠪᠦᠯᠦᠭᠯᠡᠯ ᠤᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠪᠡ ᠃  ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠡᠭᠡᠨ᠄ ︽ᠪᠥᠬᠦ ᠤᠯᠤᠰ ᠤᠨ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠢᠶᠠᠷ ᠦᠨᠡᠯᠡᠭᠳᠡᠵᠦ ᠂ ᠪᠢᠳᠡᠨ ᠳᠤ ᠠᠪᠴᠤ ᠬᠡᠯᠡᠪᠡᠯ ᠲᠦᠢᠯ ᠤᠨ ᠶᠡᠭᠡ ᠵᠣᠷᠢᠭᠵᠢᠭᠤᠯᠤᠯ ᠪᠣᠯᠤᠨ᠎ᠠ ᠂ ᠪᠢᠳᠡ ᠡᠭᠦᠨ ᠢᠶᠠᠷ ᠰᠢᠨ᠎ᠡ ᠭᠠᠷᠤᠭ᠎ᠠ ᠪᠣᠯᠭᠠᠵᠤ ᠂ ᠠᠷᠠᠳ ᠲᠦᠮᠡᠨ ᠳᠤ ᠰᠠᠶᠢᠨ ᠨᠣᠮ ᠭᠠᠷᠭᠠᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ ᠂ ᠰᠢᠯᠢᠳᠡᠭ ᠰᠣᠶᠣᠯ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢᠨ ᠶᠣᠰᠣᠭᠠᠷ ᠂ ᠨᠠᠩ ᠣᠯᠠᠨ ᠣᠯᠠᠨ ᠲᠦᠮᠡᠨ ᠤ ᠪᠠᠭ᠋ᠠᠷᠬᠠᠯ ᠲᠠᠢ ᠂ ᠠᠷᠠᠳ ᠣᠯᠠᠨ ᠳᠤ ᠲᠠᠭᠠᠰᠢᠶᠠᠭᠳᠠᠭᠰᠠᠨ ᠰᠣᠶᠣᠯ ᠤᠨ ᠪᠦᠲᠦᠭᠡᠭᠳᠡᠬᠦᠨ ᠂ ᠰᠣᠶᠣᠯ ᠤᠨ ᠦᠢᠯᠡᠴᠢᠯᠡᠭᠡ ᠶᠢ ᠪᠣᠶ ᠪᠣᠯᠭᠠᠵᠤ ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ︾ ᠭᠡᠵᠡᠶ ᠃  ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠰᠣᠶᠣᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠨᠢ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ ᠂ ᠣᠶᠤᠨ ᠰᠠᠨᠠᠭᠠᠨ ᠤ ᠪᠦᠲᠦᠭᠡᠭᠳᠡᠬᠦᠨ ᠬᠠᠩᠭᠠᠬᠤ ᠂ ᠦᠵᠡᠯ ᠰᠠᠨᠠᠭᠠᠨ ᠤ ᠮᠡᠳᠡᠭᠡ ᠵᠠᠩᠭᠢ ᠶᠢ ᠤᠯᠠᠮᠵᠢᠯᠠᠬᠤ ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠡᠭᠦᠷᠭᠡ ᠬᠠᠷᠢᠭᠤᠴᠠᠯᠭ᠎ᠠ ᠪᠠᠨ ᠪᠣᠯᠭᠠᠵᠤ ᠂ ᠴᠢᠨᠠᠷ ᠰᠠᠶᠢᠲᠠᠶ ᠠᠭᠤᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠳᠬᠠᠬᠤ ᠶᠢ ᠠᠵᠤ ᠠᠬᠤᠶᠢᠯᠠᠯ ᠤᠨ ᠦᠨᠳᠦᠰᠦ ᠪᠣᠯᠭᠠᠬᠤ ᠬᠡᠷᠡᠭᠲᠡᠶ ᠃ ᠣᠶᠢᠷ᠎ᠠ ᠶᠢᠨ ᠵᠢᠯ ᠤᠳ ᠲᠤ ᠂ ᠤᠯᠤᠰ ᠤᠨ ᠰᠣᠶᠣᠯ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠵᠦ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠬᠡᠷᠡᠭ ᠤᠨ ᠳᠤᠮᠳᠠ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠳᠡᠮᠵᠢᠵᠦ ᠂ ᠤᠷᠢᠳ ᠬᠤᠵᠢᠳ 200 ᠭᠠᠷᠤᠶ ᠵᠦᠢᠯ ᠤᠨ ᠰᠣᠩᠭᠤᠭᠰᠠᠨ ᠰᠡᠳᠦᠪ ᠢ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠳᠬᠦᠬᠦ ᠨᠡᠷᠡᠰ ᠤᠨ ᠵᠢᠭᠰᠠᠭᠠᠯᠲᠠ ᠳᠤ ᠣᠷᠣᠭᠤᠯᠵᠤ ᠂ 36 ᠵᠦᠢᠯ ᠤᠨ ᠨᠣᠮ ᠪᠢᠴᠢᠭ ᠲᠣᠰ ᠲᠣᠰ ︽ᠲᠠᠪᠤᠨ ᠨᠢᠭᠡ︾ ᠶᠢᠨ ᠢᠨᠵᠧᠨᠧᠷᠢᠩ ᠤᠨ ᠨᠣᠮ ᠪᠢᠴᠢᠭ ᠤᠨ ᠱᠠᠩᠨᠠᠯ ᠵᠡᠷᠭᠡ ᠤᠯᠤᠰ ᠤᠨ ᠲᠠᠰ ᠤᠨ ᠶᠡᠭᠡ ᠱᠠᠩᠨᠠᠯ ᠢ ᠭᠥᠷᠳᠡᠵᠦ ᠂ 900 ᠰᠢᠬᠠᠮ ᠵᠦᠢᠯ ᠤᠨ ᠨᠣᠮ ᠪᠢᠴᠢᠭ ᠂ ᠰᠣᠨᠢᠨ ᠰᠡᠳᠬᠦᠯ ᠨᠢ ᠮᠤᠵᠢ ᠶᠠᠮᠤᠨ ᠤ ᠲᠠᠰ ᠪᠠ ᠠᠵᠢᠯ ᠲᠥᠷᠥᠯ ᠤᠨ ᠨᠡᠶᠢᠭᠡᠮᠯᠢᠭ ᠤᠨ ᠰᠢᠯᠭᠠᠷᠠᠭᠤᠯᠤᠯᠲᠠ ᠳᠤ ᠢᠷᠠᠭᠤ ᠠᠯᠳᠠᠷ ᠢ ᠭᠥᠷᠳᠡᠪᠡ ᠃ 2024 ᠣᠨ ᠳᠤ ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠨ 3 ᠵᠦᠢᠯ ᠤᠨ ᠨᠣᠮ ᠪᠢᠴᠢᠭ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠠᠵᠢᠨᠠᠶ ᠬᠦᠯᠦᠭ ᠱᠠᠩᠨᠠᠯ ᠢ ᠭᠥᠷᠳᠡᠪᠡ︔ 3 ᠵᠦᠢᠯ ᠤᠨ ᠨᠣᠮ ᠪᠢᠴᠢᠭ ᠨᠢ ᠲᠥᠪ ᠤᠨ ᠤᠬᠠᠭᠤᠯᠬᠤ ᠬᠡᠯᠲᠡᠰ ᠤᠨ ᠭᠤᠤᠯ ᠰᠡᠳᠦᠪᠲᠦ ᠬᠡᠪᠯᠡᠯ ᠤᠨ ᠭᠤᠤᠯᠳᠠᠯᠭ᠎ᠠ ᠲᠠᠢ ᠬᠡᠪᠯᠡᠭᠳᠡᠬᠦᠨ ᠳᠤ ᠰᠣᠩᠭᠤᠭᠳᠠᠪᠠ ᠃  ᠤᠯᠠᠮᠵᠢᠯᠠᠯᠲᠤ ᠬᠡᠪᠯᠡᠯ ᠠᠴᠠ ᠳ᠋ᠢᠭᠢᠲᠴᠢᠯᠡᠭᠰᠡᠨ ᠬᠡᠪᠯᠡᠯ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠡᠭᠡ ᠬᠠᠨᠳᠤᠰᠢ ᠶᠢᠨ ᠡᠮᠦᠨ᠎ᠡ ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ ᠤᠷᠢᠳ ᠬᠤᠵᠢᠳ 30 ᠭᠠᠷᠤᠢ ᠵᠥᠭᠡᠯᠡᠨ ᠲᠣᠨᠤᠭ ᠤᠨ ᠲᠠᠪᠴᠠᠩ ᠢ ᠰᠤᠳᠤᠯᠤᠨ ᠨᠡᠭᠡᠭᠡᠵᠦ ᠂ ᠪᠦᠯᠦᠭᠯᠡᠯ ᠤᠨ ᠤᠯᠠᠮᠵᠢᠯᠠᠯᠲᠤ ᠬᠡᠪᠯᠡᠯ ᠠᠴᠠ ᠳ᠋ᠢᠭᠢᠲᠴᠢᠯᠡᠭᠰᠡᠨ ᠬᠡᠪᠯᠡᠯ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠰᠠᠶᠢᠨ ᠰᠠᠭᠤᠷᠢ ᠶᠢ ᠲᠠᠯᠪᠢᠵᠤ ᠥᠭᠴᠡᠢ ᠃ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠢ ᠳᠠᠭᠠᠭᠠᠴᠢᠯᠠᠨ ᠡᠷᠭᠢᠯᠡᠵᠦ ᠂ ᠠᠩᠬᠠᠳᠤᠭᠠᠷ ᠬᠤᠭᠤᠴᠠᠭ᠎ᠠ ᠂ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠬᠦ ᠬᠤᠷᠠᠯ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠣᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠵᠡᠷᠭᠡ ᠲᠣᠮᠣ ᠬᠡᠯᠪᠡᠷᠢ ᠶᠢᠨ ᠬᠤᠷᠠᠯ ᠂ ᠠᠵᠢᠯᠯᠠᠭ᠎ᠠ ᠥᠷᠨᠢᠭᠦᠯᠵᠦ ᠂ ᠤᠯᠠᠮᠵᠢᠯᠠᠯᠲᠤ ᠬᠡᠪᠯᠡᠯ ᠬᠢᠭᠡᠳ ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠵᠡᠷᠭᠡ ᠣᠯᠠᠨ ᠬᠦᠷᠢᠶᠡᠨ ᠤ ᠭᠦᠨᠵᠡᠭᠡᠶ ᠠᠭᠤᠰᠤᠯᠴᠠᠯ ᠢ ᠠᠬᠢᠭᠤᠯᠤᠨ ᠂ ᠪᠦᠯᠦᠭᠯᠡᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号